︽ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠦᠨᠳᠦᠰᠦᠲᠡᠨ ᠤ ᠵᠥᠪᠯᠡᠯ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽2023 ᠣᠨ ᠤ ᠪᠥᠬᠦ ᠣᠷᠣᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ᠶᠢᠨ ᠠᠵᠢᠯ ᠤᠨ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠪᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠶᠣᠰᠣᠭᠠᠷ᠂ 5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠯᠪᠠᠨ ᠭᠡᠷ ︵ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠭᠡᠷ︶᠂ ᠨᠠᠷᠢᠨ ᠪᠢᠴᠢᠭᠡᠴᠢ ᠶᠢᠨ ᠶᠢᠰᠦᠳᠦᠭᠡᠷ ᠭᠠᠵᠠᠷ᠂ ᠠᠵᠢᠯᠲᠠᠨ ᠤ ᠭᠠᠵᠠᠷ᠂ ᠮᠡᠳᠡᠭᠡ ᠵᠠᠩᠭᠢ ᠪᠠᠶᠢᠴᠠᠭᠠᠨ ᠰᠤᠳᠤᠯᠬᠤ ᠭᠠᠵᠠᠷ᠂ ᠣᠷᠴᠢᠭᠤᠯᠭ᠎ᠠ ᠶᠢᠨ ᠭᠠᠵᠠᠷ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠤᠨ ᠭᠠᠵᠠᠷ᠂ ᠬᠠᠤᠯᠢ ᠴᠠᠭᠠᠵᠠ ᠶᠢᠨ ᠬᠡᠷᠡᠭ ᠡᠷᠬᠢᠯᠡᠬᠦ ᠭᠠᠵᠠᠷ᠂ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ ᠤᠨ 8 ᠨᠠᠮ ᠤᠨ ᠡᠭᠦᠷ ᠨᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠠᠷᠤ ᠲᠠᠯ᠎ᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠶᠡᠷᠦᠩᠬᠡᠶ ᠡᠭᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠤᠨ ᠨᠠᠮ ᠤᠨ ᠡᠭᠦᠷ᠂ ᠬᠥᠬᠡᠬᠤᠲᠠ ᠶᠢᠨ ᠦᠨᠳᠦᠰᠦᠲᠡᠨ ᠤ  ᠵᠥᠪᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠬᠢᠨᠠᠨ ᠪᠠᠶᠢᠴᠠᠭᠠᠬᠤ ᠰᠠᠯᠠᠭᠠᠨ ᠤ ᠨᠠᠮ ᠤᠨ ᠡᠭᠦᠷ ᠲᠠᠢ ᠬᠠᠮᠲᠤᠷᠠᠨ ᠥᠪᠥᠷ ᠮᠣᠩᠭᠤᠯ ᠤᠨ ᠮᠦᠽᠧᠶ ᠳᠤ ᠬᠦᠷᠴᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ ᠮᠧᠩ ᠴᠢᠩ ᠸᠧᠶ ᠨᠥᠬᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠦᠨ ᠯᠢ ᠵᠢᠶᠠᠨ ᠨᠥᠬᠦᠷ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠠᠩ ᠠᠢ ᠵᠢᠶᠦ᠋ᠨ ᠨᠥᠬᠦᠷ ᠡᠩ ᠤᠨ ᠨᠠᠮ ᠤᠨ ᠭᠡᠰᠢᠭᠦᠨ ᠤ ᠬᠤᠪᠢ ᠪᠠᠷ ᠠᠵᠢᠯᠯᠠᠭ᠎ᠠ ᠳᠤ ᠣᠷᠣᠯᠴᠠᠵᠠᠢ᠃
W020230522318125055835.png
      ᠠᠵᠢᠯᠯᠠᠭ᠎ᠠ ᠶᠢᠨ ᠲᠤᠮᠳᠠ᠂ ᠪᠥᠬᠦ ᠨᠠᠮ ᠤᠨ ᠭᠡᠰᠢᠭᠦᠨ ᠺᠠᠳ᠋ᠷ ᠥᠪᠥᠷ ᠮᠣᠩᠭᠤᠯ ᠤᠨ ᠮᠦᠽᠧᠶ ᠶᠢᠨ ︽ᠠᠭᠤᠰᠤᠯᠴᠠᠯ ᠤᠨ ᠷᠢᠳᠢ ᠰᠢᠳᠢ︾ ᠰᠢᠷᠢᠰ ᠦᠵᠡᠰᠬᠦᠯᠡᠩ ᠢ ᠲᠣᠭᠤᠷᠢᠨ ᠦᠵᠡᠪᠡ᠃ ᠦᠵᠡᠰᠬᠦᠯᠡᠩ ᠨᠢ ︽ᠥᠨᠢ ᠤᠳᠠᠭᠠᠨ ᠲᠡᠦᠬᠡ︾᠂ ︽ᠴᠤᠭᠯᠠᠷᠠᠨ ᠠᠭᠤᠰᠤᠯᠴᠠᠬᠰᠠᠨ ᠨᠢ︾᠂ ︽ᠤᠮᠠᠷᠠᠲᠤ ᠬᠢᠯᠢ ᠶᠢ ᠲᠣᠭᠲᠠᠪᠤᠷᠢᠵᠢᠭᠤᠯᠤᠬᠰᠠᠨ ᠨᠢ︾᠂ ︽ᠲᠠᠩᠰᠤᠭ ᠰᠠᠶᠢᠬᠠᠨ ᠰᠣᠶᠣᠯ︾ ᠭᠡᠬᠦ ᠳᠥᠷᠪᠡᠨ ᠬᠡᠰᠡᠭ ᠢᠶᠠᠷ ᠪᠦᠷᠢᠯᠳᠦᠵᠦ᠂ ᠰᠢᠶᠠ ᠱᠠᠩ ᠵᠧᠤ᠂ ᠴᠢᠨ ᠬᠠᠨ ᠤᠯᠤᠰ ᠠᠴᠠ 19 ᠳ᠋ᠤᠭᠡᠷ ᠵᠠᠭᠤᠨ ᠬᠦᠷᠲᠡᠯᠡᠬᠢ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠤᠤᠯᠳᠠᠯᠭ᠎ᠠ  ᠲᠠᠢ ᠪᠠᠷ ᠳᠡᠯᠭᠡᠨ ᠦᠵᠡᠭᠦᠯᠵᠡᠢ᠃ ᠤᠯᠠᠨ ᠢᠶᠠᠷ ᠢᠶᠠᠨ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ ᠰᠣᠨᠣᠰᠬᠤ ᠶᠢᠨ ᠲᠠᠭᠠᠤ ᠲᠣᠭᠤᠷᠢᠨ ᠦᠵᠡᠵᠦ ᠤᠯᠤᠯᠳᠠ ᠲᠦᠷᠦᠭᠳᠡᠯ  ᠢᠶᠠᠨ ᠰᠣᠯᠢᠯᠴᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠲᠠᠪᠰᠢᠯᠳᠠ ᠶᠢ ᠠᠬᠢᠭᠤᠯᠬᠤ ᠳᠤ ᠪᠠᠷᠠᠬᠳᠠᠰᠢ ᠦᠭᠡᠢ ᠬᠥᠳᠡᠯᠭᠡᠬᠦ ᠬᠦᠴᠦᠨ ᠪᠣᠯᠬᠤ ᠶᠢ ᠤᠯᠠᠮ ᠴᠢᠨᠠᠭᠰᠢᠳᠠ ᠲᠠᠨᠢᠬᠰᠠᠨ ᠪᠠᠶᠢᠨ᠎ᠠ᠃
W020230522318125084152.png     
      ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ︾ ᠵᠡᠷᠭᠡ ᠴᠢᠬᠤᠯᠠ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠵᠡᠯ ᠰᠠᠨᠠᠭᠠᠨ ᠤ ᠤᠬᠠᠮᠰᠠᠷ ᠂ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠬᠰᠢᠳᠠ ᠴᠢᠩᠭᠠᠳᠬᠠᠵᠤ᠂ ︽ᠬᠤᠶᠠᠷ ᠢ ᠤᠶᠠᠯᠳᠤᠭᠤᠯᠬᠤ︾ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢ ᠴᠢᠩᠳᠠᠯᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠦᠨᠳᠦᠰᠦᠲᠡᠨ ᠤ ᠠᠵᠢᠯ ᠤᠨ ᠡᠯ᠎ᠡ ᠲᠥᠷᠥᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠦ᠂ ᠨᠡᠩ ᠰᠢᠯᠢᠳᠡᠭ ᠬᠢᠷᠢ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠶ ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠵᠡᠭᠡᠪᠡ᠃            ᠣᠷᠴᠢᠭᠤᠯᠤᠭᠴᠢ᠄ ᠣᠶᠤᠨᠴᠡᠴᠡᠭ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠲᠥᠷᠥ ᠶᠢᠨ ᠪᠣᠳᠣᠯᠭ᠎ᠠ ᠬᠠᠥᠯᠢ ᠲᠤᠭᠲᠠᠭᠠᠯ ᠤᠨ ᠭᠠᠵᠠᠷ