ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠪᠤᠨ ᠶᠠᠮᠤᠨ ᠵᠥᠪᠯᠡᠯ ᠤᠨ ︿ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ | ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠪᠡ᠃ | ︽ᠬᠡᠷᠡᠭᠵᠢᠭᠦᠯᠬᠦ ᠲᠥᠰᠦᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠣᠷᠣᠨ ᠪᠦᠰᠡ ᠠᠯᠤᠰᠯᠠᠨ ᠪᠦᠬᠦ ᠲᠠᠯ᠎ᠠ ᠪᠠᠷ ᠣᠯᠠᠨ ᠶᠠᠩᠵᠦ ᠶᠢᠨ ᠰᠣᠯᠢᠯᠴᠠᠭᠠᠨ ᠤ ᠠᠵᠢᠯᠯᠠᠭ᠎ᠠ ᠦᠷᠨᠢᠬᠦᠯᠬᠦ ᠪᠠᠷ ᠭᠠᠷᠳᠠᠴᠠ | ᠪᠣᠯᠭᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠤᠨ ᠤᠬᠠᠮᠰᠠᠷ᠂ ᠠᠷᠠᠳ ᠢᠷᠭᠡᠳ ᠤᠨ | ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠲᠡᠳᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠡᠳᠡᠷᠡᠭᠦᠢ ᠶᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠡᠨ ᠬᠦ ᠡᠷᠡᠰ ᠪᠠᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ | ᠪᠠᠶᠢᠭᠤᠯᠤᠭᠴᠢ ᠪᠠ ᠨᠠᠶᠢᠳᠠᠪᠤᠷᠢᠲᠠᠢ ᠵᠠᠯᠭᠠᠮᠵᠢᠯᠠᠭᠴᠢ ᠪᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠦ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠭᠦᠯᠬᠦ︾ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠬᠤ ᠪᠤᠯᠤᠨ᠎ᠠ᠃ | ︽ᠬᠡᠷᠡᠭᠵᠢᠭᠦᠯᠬᠦ ᠲᠥᠰᠦᠯ︾ ᠤᠨ ᠭᠤᠤᠯ ᠡᠭᠦᠷᠭᠡ ᠳᠤ ᠮᠤᠵᠢ ᠣᠷᠣᠨ ᠠᠯᠤᠰᠯᠠᠭᠰᠠᠨ᠂ ᠥᠪᠡᠷᠲᠡᠭᠡᠨ ᠵᠠᠰᠠᠬᠤ ᠣᠷᠣᠨ ᠤ ᠳᠡᠰ᠂ ᠡᠯ᠎ᠡ ᠠᠶᠢᠮᠠᠭ ᠬᠤᠲᠠ ᠶᠢᠨ | ᠬᠡᠪᠴᠢᠶᠡᠨ ᠳᠠᠬᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭᠠᠨ ᠤ 3 ᠶᠡᠭᠡ ᠲᠥᠷᠥᠯ᠂ 10 ᠲᠠᠯ᠎ᠠ ᠶᠢᠨ ᠭᠤᠤᠯ | ᠰᠡᠳᠦᠪᠲᠦ ᠰᠣᠯᠢᠯᠴᠠᠭᠠᠨ ᠤ ᠠᠵᠢᠯᠯᠠᠭ᠎ᠠ ᠶᠢ ᠪᠠᠭᠳᠠᠭᠠᠵᠠᠢ᠃ | ᠨᠢᠭᠡ ᠳᠤ᠂ ᠪᠡᠭᠡᠵᠢᠩ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠪᠡᠭᠡᠵᠢᠩ ᠥᠪᠥᠷ | ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠳᠠᠪᠠᠭᠤᠯᠢᠭ ᠲᠤ ᠲᠦᠰᠢᠭᠯᠡᠵᠦ᠂ ᠪᠡᠭᠡᠵᠢᠩ ᠥᠪᠥᠷ ᠮᠣᠩᠭᠤᠯ ᠤᠨ | ᠵᠠᠯᠠᠭᠤᠴᠤᠳ ᠪᠠᠭᠠᠴᠤᠳ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ | ᠥᠷᠨᠢᠭᠦᠯᠵᠦ᠂ ᠪᠥᠬᠦ ᠣᠷᠣᠨ ᠳᠤ ᠵᠢᠯ ᠪᠤᠯᠭᠠᠨ 10000 ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠡᠯ᠎ᠡ ᠲᠥᠷᠥᠯ ᠤᠨ | ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠰᠦᠯᠵᠢᠶᠡᠨ ᠭᠠᠳᠠᠨᠠᠬᠢ ᠵᠤᠨ ᠤ ︵ᠡᠪᠦᠯ ᠤᠨ︶ ᠠᠮᠠᠷᠠᠯᠲᠠ ᠶᠢᠨ ᠵᠤᠭᠠᠴᠠᠯ ᠤᠨ ᠠᠵᠢᠯᠯᠠᠭ᠎ᠠ ᠦᠷᠨᠢᠬᠦᠯᠬᠦ | ᠠᠷᠭ᠎ᠠ ᠬᠡᠯᠪᠡᠷᠢ ᠪᠠᠷ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠤᠨ ᠰᠣᠶᠣᠯ ᠤᠨ ᠰᠣᠯᠢᠯᠴᠠᠭ᠎ᠠ ᠬᠢᠬᠦ᠂ ᠡᠯ᠎ᠡ ᠲᠥᠷᠥᠯ ᠤᠨ ᠲᠣᠭᠤᠷᠢᠨ | ᠦᠵᠡᠵᠦ ᠪᠡᠶᠡᠴᠢᠯᠡᠨ ᠣᠶᠢᠯᠠᠭᠠᠬᠤ᠂ ᠰᠤᠷᠤᠯᠴᠠᠵᠤ ᠰᠣᠯᠢᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠵᠡᠷᠭᠡ | ᠠᠵᠢᠯᠯᠠᠭ᠎ᠠ ᠶᠢ ᠥᠷᠨᠢᠭᠦᠯᠦᠨ᠎ᠡ᠃ | ᠬᠤᠶᠠᠷ ᠲᠤ᠂ ᠥᠪᠥᠷ ᠮᠣᠩᠭᠤᠯ ᠬᠢᠭᠡᠳ ᠵᠡᠭᠦᠨ ᠳᠤᠮᠳᠠᠳᠤ ᠬᠡᠰᠡᠭ ᠤᠨ ᠭᠠᠵᠠᠷ ᠤᠷᠤᠨ᠂ ᠲᠡᠯᠡᠶ ᠳᠠᠭᠠᠤ ᠬᠥᠭᠵᠢᠭᠰᠡᠨ ᠮᠤᠵᠢ ᠬᠤᠲᠠ ᠶᠢᠨ ᠵᠠᠯᠠᠭᠤᠴᠤᠳ | ᠪᠠᠭᠠᠴᠤᠳ ᠲᠠᠢ ︽ᠬᠤᠣᠰᠯᠠᠯ ᠪᠣᠯᠣᠯᠴᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ ᠥᠪᠥᠷ ᠮᠣᠩᠭᠤᠯ ᠤᠨ ᠡᠯ᠎ᠡ ᠠᠶᠢᠮᠠᠭ ᠬᠤᠲᠠ ︵ᠭᠤᠣᠯᠳᠠᠭᠤ ᠬᠢᠯᠢ | ᠬᠢᠵᠠᠭᠠᠷ ᠤᠨ ᠬᠤᠰᠢᠭᠤ ᠰᠢᠶᠠᠨ ᠬᠤᠲᠠ ᠲᠣᠭᠤᠷᠢᠭ︶ ᠬᠢᠭᠡᠳ ᠵᠡᠭᠦᠨ ᠳᠤᠮᠳᠠᠳᠤ ᠬᠡᠰᠡᠭ ᠤᠨ ᠭᠠᠵᠠᠷ ᠤᠷᠤᠨ᠂ ᠲᠡᠯᠡᠶ ᠳᠠᠭᠠᠤ ᠬᠥᠭᠵᠢᠭᠰᠡᠨ ᠮᠤᠵᠢ ᠬᠤᠲᠠ ᠶᠢᠨ | ᠵᠠᠯᠠᠭᠤᠴᠤᠳ ᠪᠠᠭᠠᠴᠤᠳ ᠲᠠᠢ ︽ᠬᠤᠣᠰᠯᠠᠯ ᠪᠣᠯᠣᠯᠴᠠᠬᠤ︾ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ᠎ᠠ᠃ ᠵᠤᠨ ᠤ ︵ᠡᠪᠦᠯ ᠤᠨ︶ | ᠠᠮᠠᠷᠠᠯᠲᠠ ᠶᠢᠨ ᠵᠤᠭᠠᠴᠠᠯ ᠤᠨ ᠠᠵᠢᠯᠯᠠᠭ᠎ᠠ᠂ ᠵᠠᠬᠢᠳᠠᠯ ᠴᠢᠮᠡᠭᠡ ᠨᠡᠪᠲᠡᠷᠡᠯᠴᠡᠬᠦ᠂ ᠸᠢᠳᠢᠤ᠋ ᠦᠵᠡᠭᠦᠯᠭᠡ ᠶᠢᠨ ᠠᠩᠭᠢ ᠶᠢᠨ ᠬᠤᠷᠠᠯ᠂ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠣᠷᠣᠬᠤ ᠵᠡᠷᠭᠡ ᠠᠳᠠᠯᠢ ᠪᠤᠰᠤ ᠰᠣᠯᠢᠯᠴᠠᠭᠠᠨ ᠤ ᠠᠷᠭ᠎ᠠ ᠬᠡᠯᠪᠡᠷᠢ ᠪᠠᠷ ᠳᠠᠮᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠬᠢᠭᠡᠳ ᠬᠥᠭᠵᠢᠭᠰᠡᠨ ᠮᠤᠵᠢ ᠬᠤᠲᠠ ᠶᠢᠨ ᠵᠠᠯᠠᠭᠤᠴᠤᠳ ᠪᠠᠭᠠᠴᠤᠳ ᠤᠨ ᠬᠤᠭᠤᠷᠣᠨᠳᠣᠬᠢ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠦᠨᠳᠦᠰᠦᠲᠡᠨ ᠤ | ᠪᠦᠯᠬᠦᠮᠳᠡᠯ ᠢ ᠠᠬᠢᠭᠤᠯᠤᠨ᠎ᠠ᠃ | ᠭᠤᠷᠪᠠ ᠳᠤ᠂ ᠥᠪᠥᠷ ᠮᠣᠩᠭᠤᠯ ᠬᠢᠭᠡᠳ ᠬᠤᠪᠧᠢ ᠮᠤᠵᠢ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠵᠣᠣ ᠵᠢᠶᠦ᠋ᠨ ᠤ ᠡᠪᠰᠡᠯ | ᠤᠷᠤᠭ ᠤᠨ ᠵᠠᠮ︾ ᠢᠶᠠᠷ ᠳᠠᠬᠢᠨ ᠵᠠᠮᠨᠠᠬᠤ ᠰᠣᠯᠢᠯᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠢᠯ ᠪᠤᠯᠭᠠᠨ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ︽ᠵᠣᠣ ᠵᠢᠶᠦ᠋ᠨ ᠤ ᠡᠪᠰᠡᠯ ᠤᠷᠤᠭ︾ ᠭᠡᠬᠦ ᠤᠷᠠᠨ ᠪᠢᠴᠢᠯᠭᠡ ᠬᠡᠷᠡᠯ ᠵᠢᠷᠤᠭ ᠤᠨ ᠦᠵᠡᠰᠬᠦᠯᠡᠩ ᠡᠷᠭᠢᠯᠡᠬᠦ ᠪᠠᠷ ᠳᠠᠮᠵᠢᠭᠤᠯᠤᠨ ᠵᠣᠣ | ᠵᠢᠶᠦ᠋ᠨ ᠰᠣᠶᠣᠯ ᠢ ᠪᠠᠳᠠᠷᠠᠭᠤᠯᠵᠤ᠂ ︽ᠵᠣᠣ ᠵᠢᠶᠦ᠋ᠨ ᠤ ᠪᠣᠭᠤᠮᠲᠠ ᠠᠴᠠ ᠭᠠᠷᠤᠭᠰᠠᠨ ᠨᠢ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ | ᠰᠤᠷᠲᠠᠯᠴᠢᠯᠠᠨ᠎ᠠ᠃ ︽ᠥᠪᠥᠷ ᠮᠣᠩᠭᠤᠯ ᠤᠨ ᠭᠤᠷᠪᠠᠨ ᠮᠢᠩᠭᠠᠨ ᠪᠠᠭᠠᠴᠤᠳ ︿ᠨᠠᠭᠠᠴᠤ ᠡᠮᠡᠭᠡ﹀ ᠶᠢᠨ ᠳᠤ ᠪᠠᠨ ᠬᠠᠷᠢᠭᠰᠠᠨ︾ ᠪᠣᠯᠤᠨ ︽ᠬᠤᠪᠸᠢ ᠶᠢᠨ ᠪᠠᠭᠠᠴᠤᠳ | ᠲᠠᠯ᠎ᠠ ᠨᠤᠲᠤᠭ ᠲᠤ ᠢᠷᠡᠵᠦ ᠰᠤᠳᠤᠯᠤᠨ ᠰᠤᠷᠤᠯᠴᠠᠬᠤ ᠠᠵᠢᠯᠯᠠᠭ᠎ᠠ︾ ᠶᠢ ᠥᠷᠨᠢᠭᠦᠯᠵᠦ᠂ ᠬᠤᠪᠢᠷᠠᠯᠲᠠ ᠶᠢ ᠬᠠᠷᠠᠬᠤ᠂ ᠦᠨᠡᠨ ᠬᠦ ᠪᠡᠶᠡᠴᠢᠯᠡᠨ ᠣᠶᠢᠯᠠᠭᠠᠬᠤ᠂ ᠪᠣᠳᠠᠲᠠᠢ | ᠪᠠᠷ ᠰᠣᠯᠢᠯᠴᠠᠬᠤ ᠪᠠᠷ ᠳᠠᠮᠵᠢᠭᠤᠯᠤᠨ ᠬᠤᠶᠠᠷ ᠭᠠᠵᠠᠷ ᠪᠣᠯᠤᠨ ᠵᠤᠤ ᠵᠢᠶᠦ᠋ᠨ ᠤ ᠡᠪᠰᠡᠯ ᠤᠷᠤᠭ ᠤᠨ ᠵᠠᠮ ᠲᠠᠭᠠᠤ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ | ᠰᠡᠳᠬᠢᠯ ᠳᠤ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠳᠦ ᠲᠤᠳᠤᠨᠤ ᠪᠠᠶᠢᠬᠤ ᠦᠷ᠎ᠡ ᠶᠢ ᠰᠠᠴᠤᠨ᠎ᠠ᠃ | ᠳᠥᠷᠪᠡ ᠳᠤ᠂ ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠲᠤᠰ ᠲᠤᠰ ᠵᠡᠭᠦᠨ ᠬᠡᠰᠡᠭ ᠤᠨ ᠮᠤᠵᠢ ᠬᠤᠲᠠ ᠶᠢᠨ ᠶᠡᠭᠡ | ᠳᠤᠮᠳᠠᠳᠤ ᠪᠠᠭ᠎ᠠ ᠰᠤᠷᠭᠠᠭᠤᠯᠢ ᠯᠤᠭ᠎ᠠ ︽ᠮᠢᠩᠭᠠᠨ ᠰᠤᠷᠭᠠᠭᠤᠯᠢ ᠶᠢᠨ ᠰᠤᠷᠤᠭᠴᠢᠳ ᠭᠠᠷ ᠭᠠᠷ ᠢᠶᠠᠨ ᠬᠤᠯᠪᠣᠯᠴᠠᠬᠤ︾ ᠠᠵᠢᠯᠯᠠᠭ᠎ᠠ ᠶᠢ ᠥᠷᠨᠢᠭᠦᠯᠦᠨ᠎ᠡ᠃ | ᠰᠤᠷᠭᠠᠭᠤᠯᠢ᠂ ᠪᠦᠯᠬᠦᠮ ᠠᠩᠭᠢ ︵ᠡᠪ ᠬᠠᠮᠲᠤ ᠵᠠᠯᠠᠭᠤᠴᠤᠳ ᠤᠨ ᠡᠪᠯᠡᠯ ᠤᠨ ᠪᠠᠭᠠᠴᠤᠳ ᠤᠨ ᠬᠤᠰᠢᠭᠤᠴᠢ ᠠᠩᠭᠢ︶᠂ ᠠᠩᠭᠢ᠂ ᠰᠤᠷᠤᠭᠴᠢ ᠵᠡᠷᠭᠡ ︽ᠳᠥᠷᠪᠡᠨ | ᠱᠠᠲᠤ ᠪᠠᠷ ᠢᠶᠠᠨ ᠬᠤᠣᠰᠯᠠᠯ ᠪᠣᠯᠣᠯᠴᠠᠬᠤ︾ ᠲᠣᠭᠲᠠᠯᠴᠠᠭ᠎ᠠ ᠶᠢ ᠪᠠᠶᠢᠭᠤᠯᠤᠨ᠎ᠠ᠃ ᠥᠪᠥᠷ ᠮᠣᠩᠭᠤᠯ ᠬᠢᠭᠡᠳ ᠵᠡᠭᠦᠨ ᠬᠡᠰᠡᠭ ᠤᠨ ᠮᠤᠵᠢ ᠣᠷᠣᠨ ᠤ | ᠰᠤᠷᠭᠠᠭᠤᠯᠢ ᠨᠤᠭᠤᠳ ᠲᠠᠢ ᠵᠢᠯ ᠪᠤᠯᠭᠠᠨ ︽ᠭᠠᠷ ᠭᠠᠷ ᠢᠶᠠᠨ ᠬᠤᠯᠪᠣᠯᠴᠠᠬᠤ︾ ᠠᠵᠢᠯᠯᠠᠭᠠᠨ ᠤ ᠬᠤᠣᠰᠯᠠᠯ ᠪᠣᠯᠣᠯᠴᠠᠬᠤ 1000 ᠬᠤᠪᠢ ᠬᠡᠯᠡᠯᠴᠡᠭᠡᠷ ᠲᠣᠭᠲᠠᠬᠤ ᠶᠢ | ᠠᠬᠢᠭᠤᠯᠤᠨ᠎ᠠ᠃ ︽ᠭᠠᠷ ᠭᠠᠷ ᠢᠶᠠᠨ ᠬᠤᠯᠪᠣᠯᠴᠠᠬᠤ︾ ᠵᠠᠬᠢᠳᠠᠯ ᠴᠢᠮᠡᠭᠡᠨ ᠤ ᠰᠣᠯᠢᠯᠴᠠᠭ᠎ᠠ᠂ ︽ᠭᠠᠷ ᠭᠠᠷ ᠢᠶᠠᠨ ᠬᠤᠯᠪᠣᠯᠴᠠᠬᠤ︾ ᠸᠢᠳᠢᠣ᠋ ᠦᠵᠡᠭᠦᠯᠭᠡ ᠶᠢᠨ ᠠᠩᠭᠢ ᠶᠢᠨ | ᠬᠤᠷᠠᠯ ᠤᠨ ᠰᠣᠯᠢᠯᠴᠠᠭ᠎ᠠ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠰᠣᠯᠢᠯᠴᠠᠭ᠎ᠠ ᠵᠡᠷᠭᠡ ᠠᠳᠠᠯᠢ ᠪᠤᠰᠤ ᠠᠷᠭ᠎ᠠ ᠬᠡᠯᠪᠡᠷᠢ ᠶᠢᠨ ᠰᠦᠯᠵᠢᠶᠡᠨ | ᠳᠡᠭᠡᠷᠡᠬᠢ ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ᠂ ᠬᠠᠮᠳᠤ ᠳᠤ ᠪᠠᠨ ᠨᠢᠭᠡ ᠬᠢᠴᠢᠶᠡᠯ ᠣᠷᠣᠬᠤ᠂ ᠬᠠᠮᠳᠤ ᠳᠤ ᠪᠠᠨ ᠨᠢᠭᠡ ᠲᠤᠭ ᠢ ᠮᠠᠨᠳᠤᠭᠤᠯᠬᠤ ᠵᠡᠷᠭᠡ ᠪᠠᠷ | ᠳᠠᠮᠵᠢᠭᠤᠯᠤᠨ ᠬᠠᠷᠢᠯᠴᠠᠨ ᠰᠤᠷᠪᠤᠯᠵᠢᠯᠠᠬᠤ᠂ ᠬᠠᠷᠢᠯᠴᠠᠨ ᠵᠢᠭᠠᠬᠤ᠂ ᠬᠠᠷᠢᠯᠴᠠᠨ ᠬᠠᠪᠰᠤᠷᠤᠯᠴᠠᠬᠤ ᠶᠢ ᠪᠡᠶᠡᠯᠡᠭᠦᠯᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ | ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ᠃ | ᠲᠠᠪᠤ ᠳᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ ᠵᠢᠯ | ᠪᠤᠯᠭᠠᠨ 10000 ᠣᠶᠤᠲᠠᠨ ᠤ ᠰᠠᠶᠢᠨ ᠳᠤᠷᠠᠴᠤᠳ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ ᠵᠣᠨ ᠤ | ᠠᠮᠠᠷᠠᠯᠲᠠ ᠶᠢᠨ ᠬᠤᠭᠤᠴᠠᠭᠠᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ︽ᠪᠥᠬᠦ ᠤᠯᠤᠰ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠠᠷᠠᠭ︾᠂ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾᠂ ︽ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠳᠤ ᠨᠢᠭᠲᠠ ᠲᠦᠰᠢᠭᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠡᠷᠭᠡ ᠨᠡᠶᠢᠭᠡᠮ ᠤᠨ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ | ᠵᠢᠷᠭᠤᠭ᠎ᠠ ᠳᠤ᠂ ︽ᠤᠮᠠᠷᠠᠲᠤ ᠬᠢᠯᠢ ᠶᠢᠨ ᠵᠠᠯᠠᠭᠤᠴᠤᠳ ᠤᠨ ᠮᠡᠳᠡᠭᠦᠢ ᠪᠠ ᠬᠢᠬᠦᠢ ᠶᠢᠨ ᠠᠶᠠᠯᠠᠯ︾ ᠭᠡᠬᠦ ᠪᠥᠬᠦ ᠣᠷᠣᠨ ᠤ ᠮᠠᠷᠺᠰ ᠤᠨ ᠦᠵᠡᠯ ᠤᠨ ᠣᠨᠣᠯ ᠤᠨ | ᠵᠠᠯᠠᠭᠤ ᠪᠠᠭᠰᠢ ᠰᠤᠷᠤᠭᠴᠢᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠵᠢᠯ | ᠪᠤᠯᠭᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ 100 ᠨᠡᠷ᠎ᠡ ᠵᠠᠯᠠᠭᠤ ᠭᠤᠣᠯᠯᠠᠭᠴᠢ ᠪᠠᠭᠰᠢ ᠪᠣᠯᠤᠨ ᠮᠠᠷᠺᠰ ᠤᠨ ᠦᠵᠡᠯ ᠤᠨ ᠤᠨᠤᠯ ᠤᠨ ᠲᠤᠰᠬᠠᠢ | ᠮᠡᠷᠭᠡᠵᠢᠯ ᠤᠨ ᠰᠢᠯᠢᠳᠡᠭ ᠤᠶᠤᠲᠠᠳ ᠤᠨ ᠭᠤᠣᠯᠯᠠᠭᠴᠢ ᠶᠢ ᠵᠣᠬᠢᠶᠠᠨ ᠪᠠᠶᠢᠭᠤᠯᠵᠤ ᠬᠠᠮᠲᠤ ᠪᠠᠷ ᠰᠤᠳᠤᠯᠤᠨ ᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠤᠨ᠎ᠠ᠃ | ᠦᠨᠳᠦᠰᠦᠲᠡᠨ ᠨᠦᠭᠦᠳ ᠤᠨ ᠵᠠᠯᠠᠭᠤ ᠪᠠᠭᠰᠢ ᠰᠤᠷᠤᠭᠴᠢᠳ ᠤᠨ ︽ᠬᠠᠮᠳᠤ ᠪᠠᠷ ᠰᠤᠷᠤᠯᠴᠠᠬᠤ᠂ ᠬᠠᠮᠳᠤ ᠪᠠᠷ ᠰᠤᠳᠤᠯᠤᠨ ᠶᠠᠷᠢᠯᠴᠠᠬᠤ᠂ ᠬᠠᠮᠳᠤ ᠪᠠᠷ | ᠦᠢᠯᠡᠳᠦᠯᠭᠡᠵᠢᠭᠦᠯᠬᠦ︾ ᠠᠷᠭ᠎ᠠ ᠬᠡᠯᠪᠡᠷᠢ ᠪᠠᠷ ᠳᠠᠮᠵᠢᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠵᠠᠭᠪᠤᠷ ᠪᠠ ᠠᠷᠭ᠎ᠠ ᠶᠢᠨ | ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠦᠮᠦᠵᠢᠬᠦᠯᠵᠦ᠂ ᠥᠷᠭᠡᠨ ᠣᠯᠠᠨ ᠰᠤᠷᠤᠭᠴᠢᠳ ᠤᠨ ᠦᠵᠡᠯ ᠰᠠᠨᠠᠭᠠᠨ ᠤ ᠬᠢᠷᠢ ᠲᠦᠪᠰᠢᠨ᠂ ᠤᠯᠤᠰ ᠲᠥᠷᠥ ᠶᠢᠨ | ᠤᠬᠠᠮᠰᠠᠷ᠂ ᠶᠣᠰᠣ ᠮᠣᠷᠠᠯ ᠤᠨ ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠵᠠᠯᠠᠭᠤ ᠪᠠᠭᠰᠢ ᠨᠠᠷ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠳᠦᠯᠭᠡ ᠶᠢᠨ ᠵᠢᠯᠣᠭᠤᠳᠬᠤ ᠬᠢᠷᠢ ᠲᠦᠪᠰᠢᠨ ᠢ ᠴᠢᠩᠭᠠᠳᠬᠠᠨ᠎ᠠ᠃ | ᠳᠣᠯᠤᠭ᠎ᠠ ᠳᠤ᠂ ︽ᠲᠤᠮᠤᠴᠤᠳ ᠪᠠᠭᠠᠴᠤᠳ ᠭᠠᠷ ᠭᠠᠷ ᠢᠶᠠᠨ ᠬᠤᠯᠪᠣᠯᠴᠠᠬᠤ︾ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠰᠣᠯᠢᠯᠴᠠᠬᠤ | ᠠᠵᠢᠯᠯᠠᠭ᠎ᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ | ᠦᠵᠡᠭᠦᠯᠬᠦ ᠲᠥᠪ ᠠᠴᠠ ᠠᠵᠢᠯ ᠲᠥᠷᠥᠯ ᠢᠶᠠᠷ ᠢᠶᠠᠨ ᠠᠶᠢᠮᠠᠭ ᠬᠤᠲᠠ ᠶᠢᠨ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠲᠡᠳᠬᠦᠵᠦ ᠰᠣᠯᠢᠯᠴᠠᠬᠤ | ᠲᠣᠭᠲᠠᠴᠠ ᠶᠢ ᠪᠠᠶᠢᠭᠤᠯᠵᠤ᠂ ᠵᠢᠯ ᠪᠤᠯᠭᠠᠨ ︽ᠲᠤᠮᠤᠴᠤᠳ ᠪᠠᠭᠠᠴᠤᠳ ᠭᠠᠷ ᠭᠠᠷ ᠢᠶᠠᠨ ᠬᠤᠯᠪᠣᠯᠴᠠᠬᠤ︾ ᠠᠷᠭ᠎ᠠ ᠬᠡᠯᠪᠡᠷᠢ ᠪᠠᠷ ︽ᠰᠡᠳᠬᠢᠯ ᠢ ᠤᠮᠳᠠᠯᠠᠨ ᠬᠥᠮᠦᠨ ᠢ | ᠬᠦᠮᠦᠵᠢᠭᠦᠯᠵᠦ᠂ ᠬᠥᠮᠥᠨ ᠤ ᠦᠰᠦᠨ ᠪᠤᠶᠢᠵᠢᠯᠳᠡ ᠶᠢ ᠳᠡᠮᠵᠢᠬᠦ︾ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ | ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠪᠥᠬᠦ ᠣᠷᠣᠨ ᠳᠤ ᠵᠢᠯ ᠪᠦᠷᠢ ᠶᠢᠨ ᠬᠠᠷᠢᠯᠴᠠᠨ ᠰᠣᠯᠢᠯᠴᠠᠵᠤ ᠠᠰᠢᠭ ᠭᠥᠷᠳᠡᠭᠰᠡᠨ ᠬᠥᠮᠦᠨ ᠤ | ᠲᠤᠭ᠎ᠠ ᠶᠢ 10 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠭᠡᠨ᠎ᠡ᠃ ᠠᠶᠢᠮᠠᠭ ᠬᠤᠲᠠ ᠶᠢᠨ ᠬᠤᠭᠤᠷᠣᠨᠳᠣᠬᠢ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠤᠭᠤᠷᠣᠨᠳᠣᠬᠢ᠂ ᠰᠤᠷᠭᠠᠭᠤᠯᠢ ᠶᠢᠨ ᠬᠤᠭᠤᠷᠣᠨᠳᠣᠬᠢ ᠬᠤᠣᠰᠯᠠᠯ ᠪᠣᠯᠣᠯᠴᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ | ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠲᠤᠰᠬᠠᠶ ᠠᠵᠢᠯᠯᠠᠭ᠎ᠠ ᠶᠢ ᠦᠷᠨᠢᠬᠦᠯᠵᠦ᠂ ᠰᠤᠷᠭᠠᠨ ᠬᠥᠮᠦᠵᠢᠯ ᠤᠨ | ᠴᠢᠳᠠᠪᠤᠷᠢᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠰᠤᠷᠭᠠᠨ ᠬᠥᠮᠦᠵᠢᠯ ᠢ ᠳᠡᠮᠵᠢᠬᠦ ᠶᠢ ᠳᠡᠮᠵᠢᠨ | ᠵᠣᠷᠢᠭᠵᠢᠭᠤᠯᠤᠨ᠎ᠠ᠃ | ᠨᠠᠢᠮᠠ ᠳᠤ᠂ ᠠᠶᠢᠮᠠᠭ ᠬᠤᠲᠠ ᠬᠤᠰᠢᠭᠤ ᠰᠢᠶᠠᠨ ᠤ ᠬᠤᠭᠤᠷᠣᠨᠳᠣ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠭᠠᠷ ᠭᠠᠷ ᠢᠶᠠᠨ | ᠬᠤᠯᠪᠣᠯᠴᠠᠵᠤ ᠬᠢᠯᠢ ᠬᠢᠵᠠᠭᠠᠷ ᠢᠶᠠᠷ ᠠᠶᠠᠯᠠᠶ᠎ᠠ︾ ᠭᠡᠬᠦ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠣᠷᠣᠨ ᠵᠢᠯ ᠪᠦᠷᠢ ᠬᠤᠳᠠ ᠶᠢᠨ ᠪᠠ ᠬᠢᠯᠢ ᠬᠢᠵᠠᠭᠠᠷ | ᠣᠷᠣᠨ ᠤ ᠦᠨᠳᠦᠰᠦᠲᠡᠨ ᠨᠦᠭᠦᠳ ᠤᠨ 1200 ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠭᠠᠷ ᠭᠠᠷ ᠢᠶᠠᠨ ᠬᠤᠯᠪᠣᠯᠴᠠᠵᠤ ᠴᠡᠷᠢᠭ ᠤᠨ ᠬᠤᠸᠠᠷᠠᠨ ᠳᠤ | ᠤᠴᠢᠬᠤ᠂ ᠬᠠᠷᠠᠭᠤᠯ ᠤᠨ ᠭᠠᠵᠠᠷ ᠲᠤ ᠤᠴᠢᠬᠤ᠂ ᠬᠠᠮᠲᠤ ᠪᠠᠷ ᠬᠢᠯᠢ ᠶᠢ ᠴᠠᠭᠳᠠᠨ ᠪᠠᠶᠢᠴᠠᠭᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃ | ᠶᠢᠰᠦ ᠳᠤ᠂ ᠠᠶᠢᠮᠠᠭ ᠬᠤᠲᠠ ᠬᠤᠰᠢᠭᠤ ᠰᠢᠶᠠᠨ ᠳᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ | ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ ᠢᠯᠡᠷᠡᠭᠦᠯᠵᠦ᠂ ᠡᠯ᠎ᠡ ᠠᠶᠢᠮᠠᠭ ᠬᠤᠲᠠ ᠵᠢᠯ ᠪᠤᠯᠭᠠᠨ | ᠦᠨᠳᠦᠰᠦᠲᠡᠨ ᠨᠦᠭᠦᠳ ᠤᠨ 2000 ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠩᠭᠤᠳᠠᠭ | ᠵᠣᠬᠢᠶᠠᠯ ᠤᠩᠰᠢᠬᠤ᠂ ᠬᠤᠪᠢᠰᠬᠠᠯᠲᠤ ᠥᠯᠢᠭᠡᠷ ᠶᠠᠷᠢᠬᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠶᠠᠷᠢᠬᠤ᠂ ᠦᠨᠳᠦᠰᠦᠲᠡᠨ ᠤ ᠤᠷᠠᠯᠢᠭ ᠤᠨ ᠦᠵᠡᠭᠦᠯᠭᠡ ᠶᠢᠨ | ᠲᠣᠭᠯᠠᠯᠲᠠ ᠭᠠᠷᠭᠠᠬᠤ᠂ ᠤᠷᠠᠨ ᠪᠢᠴᠢᠯᠭᠡ᠂ ᠬᠡᠷᠡᠯ ᠵᠢᠷᠤᠭ ᠤᠨ ᠤᠷᠤᠯᠳᠤᠭᠠᠨ ᠵᠡᠷᠭᠡ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃ | ᠠᠷᠪᠠ ᠳᠤ᠂ ᠠᠶᠢᠮᠠᠭ ᠬᠤᠲᠠ ᠬᠤᠰᠢᠭᠤ ᠰᠢᠶᠠᠨ ᠳᠤ ᠦᠨᠳᠦᠰᠦᠲᠡᠨ ᠨᠦᠭᠦᠳ ᠤᠨ ᠰᠢᠨ᠎ᠡ ᠪᠠᠷ ᠮᠠᠨᠳᠤᠭᠰᠠᠨ ᠵᠠᠯᠠᠭᠤᠴᠤᠳ ᠤᠨ ᠪᠦᠯᠦᠭᠯᠡᠯ ᠲᠠᠢ ᠬᠠᠷᠢᠯᠴᠠᠵᠤ | ᠰᠣᠯᠢᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠠᠶᠢᠮᠠᠭ ᠬᠤᠲᠠ ᠴᠢᠯᠦᠭᠡᠲᠦ ᠵᠠᠭᠤᠴᠢᠯᠠᠭᠤᠷᠴᠢ᠂ ᠴᠠᠬᠢᠮ ᠵᠣᠬᠢᠶᠠᠯᠴᠢ᠂ ᠰᠣᠶᠣᠯ ᠤᠨ ᠡᠭᠦᠳᠦᠯᠲᠡ ᠶᠢᠨ | ᠵᠠᠯᠠᠭᠤᠴᠤᠳ᠂ ᠤᠷᠠᠨ ᠳᠠᠷᠬᠠᠨ᠂ ᠭᠤᠴᠣ ᠬᠥᠭᠵᠢᠮ ᠵᠡᠷᠭᠡ ᠰᠢᠨ᠎ᠡ ᠪᠠᠷ ᠮᠠᠨᠳᠤᠭᠰᠠᠨ ᠦᠨᠳᠦᠰᠦᠲᠡᠨ ᠨᠦᠭᠦᠳ ᠤᠨ ᠵᠠᠯᠠᠭᠤᠴᠤᠳ ᠤᠨ ᠪᠦᠯᠦᠭᠯᠡᠯ ᠯᠦᠭᠡ | ᠬᠠᠷᠢᠯᠴᠠᠭ᠎ᠠ ᠪᠠᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠪᠣᠯᠪᠠᠰᠤᠷᠠᠯ᠂ ᠲᠤᠰᠬᠠᠶ ᠮᠡᠷᠭᠡᠵᠢᠯ ᠤᠨ ᠰᠣᠯᠢᠯᠴᠠᠭ᠎ᠠ᠂ ᠤᠷ᠎ᠠ | ᠴᠢᠳᠠᠪᠤᠷᠢ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠡᠮᠵᠢᠨ ᠪᠦᠬᠦ ᠣᠷᠣᠨ ᠳᠤ ᠵᠢᠯ ᠪᠦᠷᠢ ᠦᠨᠳᠦᠰᠦᠲᠡᠨ ᠨᠦᠭᠦᠳ ᠤᠨ ᠰᠢᠨ᠎ᠡ ᠪᠠᠷ | ᠮᠠᠨᠳᠤᠭᠰᠠᠨ ᠵᠠᠯᠠᠭᠤᠴᠤᠳ ᠤᠨ ᠪᠦᠯᠦᠭᠯᠡᠯ ᠯᠦᠭᠡ ᠬᠠᠷᠢᠯᠴᠠᠭ᠎ᠠ ᠶᠢ 1200 ᠬᠥᠮᠦᠨ ᠤᠳᠠᠭ᠎ᠠ ᠠᠴᠠ ᠴᠥᠭᠡᠨ ᠦᠭᠡᠢ ᠪᠠᠶᠢᠯᠭᠠᠵᠤ᠂ ᠰᠢᠨ᠎ᠡ ᠪᠠᠷ ᠮᠠᠨᠳᠤᠭᠰᠠᠨ | ᠦᠨᠳᠦᠰᠦᠲᠡᠨ ᠨᠦᠭᠦᠳ ᠤᠨ ᠵᠠᠯᠠᠭᠤᠴᠤᠳ ᠤᠨ ᠪᠦᠯᠦᠭᠯᠡᠯ ᠢ ᠬᠥᠲᠥᠯᠦᠨ ᠳᠠᠭᠠᠭᠤᠯᠵᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠠᠭᠠᠯᠠᠭᠴᠢ᠂ | ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠭᠠᠨ᠎ᠠ᠃ | ︽ᠬᠡᠷᠡᠭᠵᠢᠭᠦᠯᠬᠦ ᠲᠥᠰᠦᠯ︾ ᠳᠤ᠂ ᠨᠢᠭᠡ ᠳᠤ᠂ ᠭᠤᠤᠯ ᠰᠢᠵᠢᠮ ᠢ ᠳᠣᠪᠣᠶᠢᠯᠭᠠᠨ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ | ᠬᠡᠷᠡᠭᠲᠡᠶ᠃ ︽ᠬᠤᠶᠠᠷ ᠢ ᠬᠠᠮᠠᠭᠠᠯᠠᠬᠤ︾ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠨᠠᠮ ᠤᠨ ᠲᠦᠷᠦ ᠪᠠᠷᠢᠬᠤ ᠵᠠᠯᠠᠭᠤᠴᠤᠳ ᠤᠨ ᠰᠠᠭᠤᠷᠢ ᠶᠢ ᠪᠠᠬᠢᠵᠢᠭᠦᠯᠦᠨ | ᠥᠷᠭᠡᠳᠬᠡᠬᠦ ᠡᠨᠡ ᠬᠦ ᠤᠯᠤᠰ ᠲᠦᠷᠦ ᠶᠢᠨ ᠬᠠᠷᠢᠭᠤᠴᠠᠯᠭ᠎ᠠ ᠠᠴᠠ ᠡᠭᠦᠰᠴᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠠᠵᠢᠯᠯᠠᠭ᠎ᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠲᠠᠨᠢᠬᠤ ᠬᠡᠷᠡᠭᠲᠡᠢ᠃ ᠬᠤᠶᠠᠷ ᠲᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠤᠳᠤᠷᠢᠳᠬᠤ | ᠲᠣᠭᠲᠠᠴᠠ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠵᠣᠬᠢᠶᠠᠨ | ᠪᠠᠶᠢᠭᠤᠯᠤᠯᠲᠠ ᠶᠢᠨ ᠵᠣᠬᠢᠴᠠᠭᠤᠯᠬᠤ ᠡᠷᠴᠢᠮ ᠢᠶᠠᠨ ᠴᠢᠩᠭᠠᠳᠬᠠᠵᠤ᠂ ᠠᠵᠢᠯᠯᠠᠭ᠎ᠠ ᠶᠢᠨ ᠲᠤᠷᠰᠢᠯᠭ᠎ᠠ ᠪᠠ ᠬᠢᠬᠦ ᠠᠷᠭ᠎ᠠ ᠪᠠᠨ ᠴᠠᠭ ᠲᠤᠬᠠᠶ ᠳᠤ ᠨᠢ ᠳ᠋ᠦᠩᠨᠡᠵᠦ᠂ | ᠠᠵᠢᠯᠯᠠᠭ᠎ᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠣᠳᠠᠲᠠᠶ ᠬᠦᠴᠢᠷᠳᠡᠯ ᠢ ᠰᠢᠢᠳᠪᠦᠷᠢᠯᠡᠵᠦ᠂ ᠮᠠᠨ ᠤ ᠣᠷᠣᠨ ᠤ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠠᠮᠢᠳᠤᠯᠢᠭ ᠰᠠᠶᠢᠬᠠᠨ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠬᠡᠷᠡᠭᠵᠢᠭᠦᠯᠬᠦ ᠲᠥᠰᠦᠯ | ᠶᠣᠰᠣᠭᠠᠷ ᠨᠠᠷᠢᠨ ᠨᠢᠭᠲᠠ ᠵᠣᠬᠢᠶᠠᠨ ᠪᠠᠶᠢᠭᠤᠯᠵᠤ᠂ ᠠᠵᠢᠯ ᠲᠥᠷᠥᠯ ᠢᠶᠠᠷ ᠢᠶᠠᠨ ᠰᠣᠯᠢᠯᠴᠠᠬᠤ ᠨᠢᠭᠡᠴᠢ ᠶᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠲᠣᠭᠲᠠᠭᠠᠵᠤ᠂ | ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ ᠲᠤᠬᠠᠶ ᠳᠤ ᠨᠢ ᠬᠠᠷᠢᠭᠤ ᠮᠡᠳᠡᠭᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠦ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠵᠤ᠂ ᠠᠵᠢᠯᠯᠠᠭ᠎ᠠ ᠶᠢᠨ ᠠᠮᠤᠷ ᠲᠦᠪᠰᠢᠨ ᠪᠥᠭᠡᠳ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠰᠣᠯᠢᠯᠴᠠᠭᠠᠨ ᠤ ᠨᠡᠷᠡᠲᠦ | ᠲᠡᠮᠳᠡᠭ ᠢ ᠡᠭᠦᠳᠬᠦ ᠶᠢ ᠴᠢᠬᠤᠯᠠᠴᠢᠯᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠥᠮᠦᠨ ᠤ ᠬᠦᠴᠦᠨ᠂ ᠪᠣᠳᠠᠰ ᠤᠨ | ᠬᠦᠴᠦᠨ᠂ ᠡᠳ᠋ ᠤᠨ ᠬᠦᠴᠦᠨ ᠤ ᠲᠠᠯ᠎ᠠ ᠪᠠᠷ ᠬᠠᠷᠠᠭᠠᠯᠵᠠᠯ ᠦᠵᠡᠬᠦᠯᠬᠦ ᠬᠡᠷᠡᠭᠲᠡᠶ᠃ ᠲᠠᠪᠤ ᠳᠤ᠂ ᠨᠡᠶᠢᠭᠡᠮ ᠤᠨ ᠳᠠᠶᠢᠴᠢᠯᠠᠯᠲᠠ ᠶᠢ ᠥᠷᠭᠡᠳᠬᠡᠵᠦ᠂ ᠤᠬᠠᠭᠤᠯᠵᠤ | ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠯᠠᠭᠤᠴᠤᠳ ᠪᠠᠭᠠᠴᠤᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠦ᠂ | ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠡᠨ ᠬᠥᠮᠦᠨ ᠦᠨᠡᠨ ᠶᠠᠪᠤᠳᠠᠯ | ᠪᠣᠯᠤᠨ ᠦᠨᠡᠨ ᠰᠡᠳᠬᠢᠯᠭᠡ ᠪᠤᠳᠠᠳᠤ ᠲᠦᠷᠦᠭᠳᠡᠯ ᠢᠶᠠᠷ ᠢᠶᠠᠨ ᠭᠡᠷ ᠤᠨ ᠬᠥᠮᠦᠰ᠂ ᠪᠠᠭᠰᠢ᠂ ᠬᠠᠮᠲᠤ ᠰᠤᠷᠤᠯᠭᠠᠲᠠᠨ ᠳᠤ ᠪᠠᠨ ᠵᠠᠯᠠᠭᠤᠴᠤᠳ ᠪᠠᠭᠠᠴᠤᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠪᠦᠯᠬᠦᠮᠳᠡᠨ ᠨᠥᠬᠦᠷᠰᠡᠭ ᠬᠠᠷᠢᠯᠴᠠᠨ ᠬᠠᠪᠰᠤᠷᠤᠯᠴᠠᠭᠰᠠᠨ ᠦᠯᠢᠭᠡᠷ ᠢ ᠶᠠᠷᠢᠵᠤ ᠦᠭᠭᠦ ᠬᠡᠷᠡᠭᠳᠡᠢ᠃ ᠰᠣᠯᠢᠯᠴᠠᠭᠠᠨ ᠤ | ᠠᠵᠢᠯᠯᠠᠭᠠᠨ ᠤ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠩᠭᠤᠨ ᠳᠠᠭᠤᠷᠢᠶᠠᠯ ᠪᠣᠯᠭᠠᠨ ᠤᠬᠠᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ | ᠳᠠᠭᠠᠭᠤᠯᠬᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠡᠮᠵᠢᠬᠦ ᠳᠠᠪᠠᠭ᠋ᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠵᠤ᠂ ᠳᠠᠭᠤᠷᠢᠶᠠᠨ ᠬᠢᠵᠦ | ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠠᠷᠭ᠎ᠠ ᠬᠢᠳᠡᠯ ᠤᠳ ᠢ ᠪᠦᠷᠢᠯᠳᠦᠭᠦᠯᠬᠦ ᠬᠡᠷᠡᠭᠲᠡᠶ ᠭᠡᠵᠦ ᠱᠠᠭᠠᠷᠳᠠᠪᠠ᠃ | | | | | | ᠣᠷᠴᠢᠭᠤᠯᠤᠭᠴᠢ᠄ ᠣᠶᠤᠨᠴᠡᠴᠡᠭ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | | |