​ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
      5 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ᠂ ᠨᠠᠮ ᠤᠨ ᠦᠨᠳᠦᠰᠦᠲᠡᠨ  ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠨᠠᠷ ᠬᠤᠷᠠᠯ ᠳᠤ ᠣᠷᠣᠯᠴᠠᠨ ᠵᠢᠭᠠᠨ ᠵᠢᠯᠤᠭᠤᠳᠬᠤ ᠶᠢᠨ ᠬᠠᠮᠳᠤ ᠦᠨᠡᠯᠡᠯᠲᠡ ᠬᠢᠪᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠵᠠᠩ ᠴᠢᠶᠠᠨ ᠬᠦᠶ ᠬᠤᠷᠠᠯ ᠳᠤ ᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ  ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠢ ᠡᠷᠭᠢᠯᠡᠭᠰᠡᠨ ᠪᠥᠭᠡᠳ ᠰᠠᠨᠠᠯ ᠢᠶᠠᠨ ᠰᠣᠯᠢᠯᠴᠠᠬᠤ ᠶᠠᠷᠢᠶ᠎ᠠ ᠳᠠᠯᠪᠢᠵᠠᠢ᠃
W020230525329581924470.jpg     
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠤᠯᠤᠨ ᠱᠠᠨᠰᠢ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠳᠠᠪᠤᠨ ᠰᠠᠷ᠎ᠠ ᠶᠢᠨ ᠨᠢᠬᠡᠨ︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ  ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠠᠯᠡᠩ ᠤᠨ ᠰᠤᠷᠤᠭᠴᠢᠳ ᠲᠤ ᠢᠯᠡᠬᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠡᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠭᠤᠤᠯ ᠳᠤᠭᠤᠶᠢᠯᠠᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠤᠷᠤᠯᠴᠠᠨ ᠰᠤᠳᠤᠯᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠰᠤᠷᠤᠯᠴᠠᠪᠠ᠃ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾ ᠶᠢᠨ ᠬᠡᠰᠡᠭ ᠪᠦᠯᠦᠭ ᠤᠨ ᠠᠭᠤᠯᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠠᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠳᠡᠨ ᠤ ᠵᠦᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃
W020230525329581936293.jpg     
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠤ ᠦᠨᠳᠦᠰᠦᠲᠡᠨ ᠤ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠳᠤ ᠦᠨᠳᠦᠰᠦᠲᠡᠨ ᠤ ᠠᠵᠢᠯ ᠤᠨ ᠲᠤᠬᠠᠢ ᠬᠠᠮᠤᠭ ᠤᠨ ᠢᠯᠡᠬᠦᠦ ᠠᠩᠬᠠᠷᠤᠯ᠂ ᠬᠠᠮᠤᠭ ᠤᠨ ᠣᠯᠠᠨ ᠥᠭᠦᠯᠡᠯᠲᠡ᠂ ᠬᠠᠮᠤᠭ ᠤᠨ ᠠᠷᠪᠢᠨ ᠪᠠᠶᠢᠷᠢᠯᠠᠭᠤᠯᠤᠯᠳᠠ ᠬᠢᠵᠤ᠂ ᠮᠠᠰᠢ ᠣᠯᠠᠨ ᠡᠭᠦᠳᠦᠯᠲᠡ ᠶᠢᠨ ᠴᠢᠨᠠᠷᠲᠠᠶ᠂ ᠨᠢᠬᠡᠳᠦᠮᠡᠯ ᠤᠨ ᠴᠢᠨᠠᠷᠲᠠᠶ ᠴᠢᠬᠤᠯᠠ ᠥᠭᠦᠯᠡᠯᠲᠡ  ᠶᠢ ᠳᠤᠷᠠᠳᠴᠤ᠂ ᠪᠠᠰᠠ ᠶᠡᠷᠦᠩᠬᠡᠢ ᠵᠢᠯᠣᠭᠤᠳᠣᠮᠵᠢ ᠶᠢᠨ ᠴᠢᠨᠠᠷᠲᠠᠶ ᠱᠠᠭᠠᠷᠳᠠᠯᠭ᠎ᠠ ᠪᠠ ᠪᠣᠳᠠᠲᠠᠶ ᠵᠢᠭᠠᠪᠤᠷᠢ ᠥᠭᠴᠦ᠂ ᠪᠢᠳᠡᠨ ᠳᠤ ᠠᠵᠢᠯ ᠤᠨ ᠠᠷᠭ᠎ᠠ ᠵᠠᠮ ᠢ ᠳᠤᠳᠤᠷᠬᠠᠶᠢᠯᠠᠵᠤ ᠥᠭᠭᠦᠭᠰᠡᠨ ᠪᠥᠭᠡᠳ ᠠᠷᠭ᠎ᠠ ᠤᠬᠠᠭᠠᠨ ᠵᠢᠭᠠᠵᠤ ᠥᠭᠴᠡᠶ᠃ ᠪᠢᠳᠡ ︽ᠮᠣᠩᠭᠤᠯ ᠮᠤᠷᠢᠨ ᠤ ᠵᠤᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ ᠶᠢᠨ ᠬᠠᠮᠳᠤ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠶᠢ ᠪᠤᠢ ᠪᠤᠯᠭᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤᠮᠳᠠ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠡᠮᠦᠨ᠎ᠡ ᠨᠢ ᠶᠠᠪᠤᠬᠤ ᠬᠡᠷᠡᠭᠳᠡᠢ ᠬᠡᠵᠦ ᠵᠢᠭᠠᠨ ᠭᠠᠷᠭᠠᠪᠠ᠃       ᠳᠤᠭᠤᠶᠢᠯᠠᠩ ᠤᠨ ᠳᠠᠷᠤᠭ᠎ᠠ ᠯᠢ ᠭᠠᠩ ᠦᠨᠡᠯᠡᠯᠲᠡ ᠬᠢᠬᠦ ᠳᠤ ᠪᠠᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠲᠦᠷᠦᠯ ᠤᠨ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ ᠭᠡᠪᠡ᠃ ᠭᠤᠤᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠯᠢ ᠭᠠᠩ ᠳᠥᠷᠪᠡᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ ᠶᠢ ᠭᠤᠤᠯ ᠰᠡᠳᠦᠪᠲᠦ ᠬᠥᠮᠦᠵᠢᠯ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠶ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠠᠰᠠᠭᠤᠳᠠᠯ ᠳᠤ ᠬᠠᠨᠳᠤᠭᠤᠯᠬᠤ᠂ ᠬᠦᠴᠢᠷᠳᠡᠯ ᠪᠠ ᠤᠯᠠᠨ ᠲᠦᠮᠡᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠦᠨᠵᠡᠭᠡᠢ ᠦᠷᠨᠢᠬᠦᠯᠬᠦ ᠬᠡᠷᠡᠭᠳᠡᠢ︔ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠦᠷᠦᠭᠳᠡᠯ  ᠲᠠᠢ ᠪᠦᠲᠦᠮᠵᠢᠲᠡᠶ ᠪᠠᠳᠤᠳᠬᠠᠬᠤ ᠪᠠᠷ ᠳᠠᠮᠵᠢᠭᠤᠯᠵᠤ᠂ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠦᠨᠳᠦᠰᠦᠲᠡᠨ  ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ᠃ ᠳᠥᠷᠪᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠬᠦ ᠠᠰᠠᠭᠤᠳᠠᠯ ᠢ ᠰᠢᠢᠳᠪᠦᠷᠢᠯᠡᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠵᠤ᠂ ᠤᠳᠤᠷᠢᠳᠤᠯᠭ᠎ᠠ ᠲᠦᠷᠦᠭᠦᠯᠡᠨ ᠠᠰᠠᠭᠤᠳᠠᠯ ᠢ ᠬᠦᠨᠳᠡᠵᠦ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠥᠷᠥᠯ ᠵᠦᠶᠯᠵᠢᠭᠦᠯᠦᠨ ᠬᠠᠮᠢᠶᠠᠷᠴᠤ᠂ ᠠᠰᠠᠭᠤᠳᠠᠯ ᠢ ᠦᠨᠡᠨ ᠬᠦ ᠪᠠᠶᠢᠴᠠᠭᠠᠨ ᠦᠵᠡᠵᠦ᠂ ᠦᠨᠡᠨ ᠠᠰᠠᠭᠤᠳᠠᠯ ᠢ ᠪᠠᠶᠢᠴᠠᠭᠠᠨ ᠦᠵᠡᠵᠦ᠂ ᠡᠯ᠎ᠡ ᠲᠦᠷᠦᠯ ᠤᠨ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠦ ᠵᠢᠭᠠᠪᠤᠷᠢᠯᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠭᠤᠤᠯ ᠰᠡᠳᠦᠪᠲᠦ ᠬᠥᠮᠦᠵᠢᠯ ᠤᠨ ᠡᠬᠡ ᠲᠠᠩᠰᠠ ᠶᠢ ᠪᠠᠶᠢᠴᠠᠭᠠᠨ ᠦᠵᠡᠵᠦ᠂ ᠬᠡᠰᠡᠭ ᠤᠳᠤᠷᠢᠳᠬᠤ ᠺᠠᠳ᠋ᠷ ᠤᠨ ᠰᠡᠳᠬᠢᠯ ᠤᠨ ᠦᠭᠡ ᠪᠠᠨ ᠶᠠᠷᠢᠯᠴᠠᠭᠰᠠᠨ ᠮᠠᠲ᠋ᠧᠷᠢᠶᠠᠯ᠂ ᠭᠤᠤᠯ ᠰᠡᠳᠦᠪᠲᠦ ᠬᠥᠮᠦᠵᠢᠯ ᠤᠨ ᠤᠯᠤᠰ ᠲᠥᠷᠥ ᠶᠢᠨ ᠣᠨᠣᠯ ᠤᠨ ᠮᠡᠳᠡᠯᠭᠡ ᠶᠢᠨ ᠰᠢᠯᠭᠠᠯᠲᠠ ᠥᠷᠨᠢᠭᠦᠯᠦᠭᠰᠡᠨ ᠮᠠᠲ᠋ᠧᠷᠢᠶᠠᠯ ᠵᠡᠷᠭᠡ ᠶᠢ ᠰᠤᠭᠤᠴᠢᠨ ᠪᠠᠶᠢᠴᠠᠭᠠᠪᠠ᠃            ᠣᠷᠴᠢᠭᠤᠯᠤᠭᠴᠢ᠄ ᠣᠶᠣᠨᠰᠡᠴᠡᠨ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ