ᠳᠤᠮᠳᠠᠳᠤ ᠶᠢᠨ ᠡᠨᠡ ᠬᠦ ᠬᠠᠷᠢ ᠶᠢᠨ ᠬᠦᠷᠭᠡᠨ ᠳ᠋ᠢ ᠷᠧᠨ ᠵᠢᠶᠧ ᠶᠢ ᠬᠡᠷᠬᠢᠨ ᠥᠷᠥᠨᠡᠳᠠᠬᠢᠨ ᠤ ᠬᠥᠮᠦᠰ ᠤᠨ ᠰᠡᠳᠬᠢᠯ ᠳᠠᠬᠢ ︽ᠳᠤᠮᠳᠠᠳᠤ ᠶᠢᠨ ᠹᠤᠷᠮᠦᠰ︾ ᠪᠣᠯᠭᠠᠭᠰᠠᠨ ᠪᠤᠢ
ᠨᠡᠶᠢᠲᠡᠯᠡᠭᠰᠡᠨ ᠴᠠᠭ᠄
2023/5/30
      ᠴᠢᠩ ᠤᠯᠤᠰ ᠤᠨ ᠰᠡᠭᠦᠯᠴᠢ ᠢᠷᠭᠡᠨ ᠤᠯᠤᠰ ᠤᠨ ᠡᠬᠢᠨ ᠤ ᠦᠶ᠎ᠡ ᠪᠣᠯ ᠥᠷᠥᠨᠡᠳᠠᠬᠢᠨ ᠤ ᠰᠣᠶᠣᠯ ᠢ ᠳᠤᠮᠳᠠᠳᠤ ᠤᠯᠤᠰ ᠲᠤ ᠤᠷᠤᠭᠤᠯᠵᠤ ᠢᠷᠡᠬᠦ ᠥᠷᠨᠢᠯᠲᠡ ᠶᠢᠨ ᠴᠠᠭ ᠦᠶ᠎ᠡ ᠪᠣᠯᠤᠨ᠎ᠠ᠃ ᠲᠤᠬᠠᠶ ᠶᠢᠨ ᠦᠶ᠎ᠡ ᠶᠢᠨ ᠳᠠᠶᠢᠴᠢᠩ ᠤᠯᠤᠰ ᠤᠨ ᠲᠦᠷᠦ ᠨᠤᠷᠠᠮᠠᠷ ᠪᠤᠯᠵᠤ᠂ ᠦᠵᠡᠯ ᠰᠠᠨᠠᠭ᠎ᠠ ᠳᠠᠪᠰᠢᠩᠭᠤᠶ ᠰᠡᠬᠡᠭᠡᠲᠡᠳ ᠥᠷᠥᠨᠡᠳᠠᠬᠢᠨ ᠤ ᠡᠯ᠎ᠡ ᠤᠯᠤᠰ ᠤᠨ ᠲᠡᠷᠢᠭᠦᠨ ᠤ ᠰᠣᠶᠣᠯ ᠪᠠ ᠲᠤᠷᠰᠢᠯᠭ᠎ᠠ ᠶᠢ ᠰᠤᠷᠤᠯᠴᠠᠬᠤ ᠶᠢ ᠰᠠᠨᠠᠭᠠᠴᠢᠯᠠᠵᠤ᠂ ᠬᠡᠰᠡᠭ ᠬᠡᠲᠦᠷᠡᠮᠡᠬᠡᠶ ᠦᠵᠡᠯ ᠲᠠᠢ ᠵᠠᠯᠠᠭᠤᠴᠤᠳ ᠭᠠᠳᠠᠭᠠᠳᠤ ᠶᠢᠨ ᠰᠣᠶᠣᠯ ᠢ ᠬᠢᠵᠠᠭᠠᠯᠠᠰᠢ ᠦᠭᠡᠢ ᠰᠢᠲᠦᠵᠦ᠂ ᠬᠠᠷᠢᠨ ᠲᠤᠰ ᠤᠯᠤᠰ ᠤᠨ ᠰᠣᠶᠣᠯ ᠢᠶᠠᠨ ᠦᠯᠦ ᠥᠢᠰᠢᠶᠠᠳᠠᠭ ᠬᠠᠴᠢᠨ ᠣᠷᠴᠢᠯ ᠳᠤ ᠤᠷᠤᠭᠰᠠᠨ ᠪᠠᠶᠢᠨ᠎ᠠ᠃ ᠡᠨᠡ ᠬᠦ ᠲᠦᠢᠯ ᠤᠨ ᠡᠷᠬᠡ ᠲᠡᠭᠰᠢ ᠪᠤᠰᠤ ᠰᠣᠶᠣᠯ ᠤᠨ ᠰᠣᠯᠢᠯᠴᠠᠭᠠᠨ ᠤ ᠳᠤᠮᠳᠠ᠂ ᠥᠷᠥᠨᠡᠳᠠᠬᠢᠨ ᠤ ᠪᠣᠯᠪᠠᠰᠤᠨ ᠠᠴᠠ ᠢᠷᠡᠭᠰᠡᠨ ᠨᠢᠭᠡᠨ ᠭᠠᠳᠠᠭᠠᠳᠤ ᠶᠢᠨ ᠬᠥᠮᠦᠨ ᠬᠠᠷᠢᠨ ᠳᠤᠮᠳᠠᠳᠤ ᠤᠯᠤᠰ ᠤᠨ ᠰᠣᠶᠣᠯ ᠳᠤ ᠶᠠᠭᠠᠬᠢᠬᠤ ᠶᠢᠨ ᠠᠷᠭ᠎ᠠ ᠦᠭᠡᠢ ᠲᠠᠲᠠᠭᠳᠠᠵᠤ᠂ ᠳᠤᠮᠳᠠᠳᠤ ᠤᠯᠤᠰ ᠤᠨ ᠰᠣᠶᠣᠯ ᠤᠨ ᠲᠤᠬᠠᠢ ᠲᠠᠰᠤᠷᠠᠯᠲᠠ ᠦᠭᠡᠢ ᠲᠠᠨᠢᠯᠴᠠᠭᠤᠯᠵᠤ᠂ ᠥᠪᠡᠷ ᠢ ᠪᠠᠨ ᠲᠦᠢᠯᠪᠤᠷᠢᠲᠠᠶ ᠳᠤᠮᠳᠠᠳᠤ ᠤᠯᠤᠰ ᠤᠨ ᠬᠥᠮᠦᠨ ᠪᠣᠯᠭᠠᠭᠰᠠᠨ ᠪᠠᠶᠢᠨ᠎ᠠ᠃ ᠲᠡᠷᠡ ᠪᠣᠯ ᠬᠤᠯᠠᠨᠳ᠋ ᠤᠨ ᠠᠯᠳᠠᠷᠲᠤ ᠬᠢᠲᠠᠳ ᠰᠤᠳᠤᠯᠤᠯ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠡᠷᠳᠡᠮᠲᠡᠨ ᠭᠦᠯᠢᠺ ᠪᠣᠯᠤᠨ᠎ᠠ᠃
1.jpg
     ▲ᠭᠦᠯᠢᠺ᠃ ︵ᠵᠢᠷᠤᠭ ᠤᠨ ᠢᠷᠡᠯᠲᠡ᠄  ᠫᠧᠩ ᠫᠠᠢ ᠰᠣᠨᠢᠨ ᠮᠡᠳᠡᠭᠡ︶      ᠭᠦᠯᠢᠺ ︵Robert Hans van Gulik᠂ 1910 - 1967︶ ᠬᠤᠯᠠᠨᠳ᠋ ᠤᠨ ᠴᠡᠷᠢᠭ ᠤᠨ ᠡᠮᠴᠢ ᠶᠢᠨ ᠭᠡᠷ ᠪᠦᠯᠢ ᠳᠤ ᠳᠦᠷᠦᠵᠦ᠂ ᠬᠠᠷᠠᠬᠠᠨ ᠪᠠᠭ᠎ᠠ ᠠᠴᠠ ᠪᠠᠨ ᠡᠪᠦᠭᠡ ᠶᠢᠨ ᠢᠶᠠᠨ ᠨᠥᠯᠥᠭᠡ ᠶᠢ ᠬᠦᠷᠲᠡᠵᠦ᠂ ᠳᠣᠷᠣᠨᠠᠳᠠᠬᠢᠨ ᠤ ᠰᠣᠶᠣᠯ ᠪᠠ ᠤᠷᠠᠯᠢᠭ ᠲᠤ ᠳᠤᠷ᠎ᠠ ᠪᠠᠭ᠋ᠠᠲᠠᠶ ᠪᠤᠯᠵᠦ᠂ ᠭᠡᠷ ᠲᠤ ᠪᠠᠨ ᠬᠠᠳᠠᠭᠠᠯᠠᠵᠤ ᠪᠠᠶᠢᠭ᠎ᠠ ᠱᠠᠭᠠᠵᠠᠩ ᠰᠠᠪᠠ ᠳᠡᠭᠡᠷᠡᠬᠢ ᠬᠢᠲᠠᠳ ᠦᠰᠦᠭ ᠪᠢᠴᠢᠭ ᠵᠢᠴᠢ ᠸᠤᠷᠨᠤᠷ ︵Jules Gabriel Verne᠂ 1828 - 1905︶ ᠤᠨ ᠦᠯᠢᠭᠡᠷ ᠤᠨ ᠵᠣᠬᠢᠶᠠᠯ ᠳᠤ ᠵᠢᠷᠤᠭᠯᠠᠭᠰᠠᠨ ᠳᠤᠮᠳᠠᠳᠤ ᠤᠯᠤᠰ ᠤᠨ ᠳᠦᠷᠰᠦ ᠪᠠᠶᠢᠳᠠᠯ ᠨᠢ ᠲᠡᠭᠦᠨ ᠤ ᠰᠣᠨᠢᠷᠬᠠᠯ ᠢ ᠶᠡᠬᠡᠳᠡ ᠲᠠᠲᠠᠵᠠᠶ᠃ ᠷᠠᠶᠢᠳ᠋ᠸᠠ ᠶᠡᠭᠡ ᠰᠤᠷᠭᠠᠭᠤᠯᠢ ᠳᠤ ᠤᠷᠤᠭᠰᠠᠨ ᠤ ᠲᠡᠷᠠᠭ᠎ᠠ᠂ ᠲᠡᠷᠡ ᠥᠴᠦᠬᠡᠨ ᠴᠦ ᠲᠠᠲᠠᠭᠠᠯᠵᠠᠯ ᠦᠭᠡᠢ ᠪᠠᠷ ᠬᠢᠲᠠᠳ ᠰᠤᠳᠤᠯᠤᠯ ᠢ ᠥᠪᠡᠷ ᠤᠨ ᠢᠶᠠᠨ ᠭᠤᠣᠯᠯᠠᠨ ᠰᠤᠷᠬᠤ ᠲᠤᠰᠬᠠᠶ ᠮᠡᠷᠭᠡᠵᠢᠯ ᠢᠶᠠᠨ ᠪᠣᠯᠭᠠᠵᠤ᠂ ᠬᠢᠲᠠᠳ ᠬᠡᠯᠡ᠂ ᠶᠠᠫᠣᠨ ᠬᠡᠯᠡ ᠵᠢᠴᠢ ᠺᠣᠯᠣᠨᠢᠴᠢᠯᠠᠯ ᠤᠨ ᠬᠠᠤᠯᠢ ᠶᠢᠨ ᠪᠠᠴᠧᠯᠧᠷ ᠴᠣᠯᠠ ᠣᠯᠤᠭᠰᠠᠨ ᠤ ᠲᠡᠷᠠᠭ᠎ᠠ ᠪᠠᠰᠠ ᠦᠳ᠋ᠯᠧᠷ ᠰᠠᠯᠪᠤᠷᠢ ᠶᠡᠭᠡ ᠰᠤᠷᠭᠠᠭᠤᠯᠢ ᠶᠢᠨ ᠳᠣᠷᠣᠨᠠᠳᠠᠬᠢᠨ ᠤ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠰᠤᠷᠤᠯᠴᠠᠵᠤ᠂ ᠮᠠᠰᠲ᠋ᠧᠷ ᠪᠠ ᠳ᠋ᠣᠺᠲ᠋ᠣᠷ ᠤᠨ ᠡᠷᠳᠡᠮ ᠤᠨ ᠴᠣᠯᠠ ᠶᠢ ᠠᠮᠵᠢᠯᠲᠠ ᠲᠠᠢ ᠪᠠᠷ ᠬᠦᠷᠲᠡᠪᠡ᠃ ᠲᠡᠭᠦᠰᠦᠭᠰᠡᠨ ᠤ ᠳᠠᠷᠠᠭ᠎ᠠ ᠭᠦᠯᠢᠺ ᠬᠤᠯᠠᠨᠳ᠋ ᠤᠨ ᠭᠠᠳᠠᠭᠠᠳᠤ ᠶᠠᠪᠤᠳᠠᠯ ᠤᠨ ᠶᠠᠮᠤᠨ ᠳᠤ ᠣᠷᠣᠵᠤ ᠠᠵᠢᠯᠯᠠᠵᠤ᠂ ᠶᠠᠫᠣᠨ ᠤ ᠲᠤᠤᠺᠢᠤ᠋ ᠳᠤ ᠲᠣᠮᠢᠯᠠᠭᠳᠠᠪᠠ᠃      ᠭᠦᠯᠢᠺ ᠶᠠᠫᠣᠨ ᠳᠤ ᠲᠤᠰᠢᠶᠠᠯ ᠳᠤ ᠪᠠᠶᠢᠬᠤ ᠬᠤᠭᠤᠴᠠᠭᠠᠨ ᠳᠤ ᠪᠠᠨ ᠳᠤᠮᠳᠠᠳᠤ ᠤᠯᠤᠰ ᠤᠨ ᠡᠷᠲᠡᠨ ᠤ ᠶᠠᠲᠤᠭ᠎ᠠ ᠳᠤ ᠶᠡᠭᠡ ᠰᠣᠨᠢᠷᠬᠠᠯ ᠲᠠᠢ ᠪᠣᠯᠵᠤ᠂ ᠲᠤᠤᠺᠢᠤ᠋ ᠳᠤ ᠰᠠᠭᠤᠭ᠎ᠠ ᠳᠤᠮᠳᠠᠳᠤ ᠤᠯᠤᠰ ᠤᠨ ᠶᠠᠲᠤᠭᠠᠴᠢᠨ ᠠᠴᠠ ᠡᠷᠲᠡᠨ ᠤ ᠶᠠᠲᠤᠭ᠎ᠠ ᠶᠢᠨ ᠬᠥᠭᠵᠢᠮᠳᠡᠬᠦ ᠠᠷᠭ᠎ᠠ ᠶᠢ ᠰᠤᠷᠤᠭᠰᠠᠨ ᠢᠶᠠᠷ ᠪᠠᠷᠠᠬᠤ ᠦᠭᠡᠶ᠂ ᠪᠠᠰᠠ ᠳᠤᠮᠳᠠᠳᠤ ᠤᠯᠤᠰ ᠤᠨ ᠡᠷᠲᠡᠨ ᠤ ᠶᠠᠲᠤᠭ᠎ᠠ ᠶᠢᠨ ᠲᠤᠬᠠᠶ ᠣᠯᠠᠨ ᠦᠶ᠎ᠡ ᠶᠢᠨ ᠰᠤᠳᠤᠷ ᠪᠢᠴᠢᠭ ᠢ ᠶᠡᠭᠡ ᠬᠡᠮᠵᠢᠶ᠎ᠡ ᠪᠠᠷ ᠴᠤᠭᠯᠠᠭᠤᠯᠤᠨ ᠤᠩᠰᠢᠭᠰᠠᠨ ᠪᠥᠭᠡᠳ ︽ᠶᠠᠲᠤᠭ᠎ᠠ ᠶᠢᠨ ᠡᠭᠦᠰᠦᠯ︾ ︵the Lore of Chinese Lute᠄ An Essay in Ch′in Ideology᠂ 1940︶ ᠵᠢᠴᠢ ︽ᠵᠢᠢ ᠺᠠᠩ ᠪᠣᠯᠤᠨ ᠲᠡᠭᠦᠨ ᠤ ︿ᠶᠠᠲᠤᠭ᠎ᠠ ᠶᠢᠨ ᠮᠠᠭᠲᠠᠭᠤ﹀︾ ︵Hsi Kang and His Poetical Essay on the Lute᠂ 1941︶ ᠵᠡᠷᠭᠡ ᠰᠤᠩᠭᠤᠳᠠᠭ ᠪᠦᠲᠦᠭᠡᠯ ᠢ ᠲᠤᠭᠤᠷᠪᠢᠭᠰᠠᠨ ᠪᠠᠶᠢᠨ᠎ᠠ᠂ ᠡᠮᠦᠨᠡᠬᠢ ᠨᠢ ᠳᠤᠮᠳᠠᠳᠤ ᠶᠢᠨ ᠡᠷᠲᠡᠨ ᠤ ᠬᠦᠭᠵᠢᠮ ᠤᠨ ᠤᠬᠠᠭᠠᠨ ᠤ ᠰᠤᠳᠤᠯᠭᠠᠨ ᠲᠠᠬᠢ ᠡᠷᠬᠡ ᠰᠦᠷᠲᠡᠢ ᠪᠦᠲᠦᠬᠡᠯ ᠭᠡᠵᠦ ᠡᠷᠬᠢᠮᠯᠡᠭᠳᠡᠵᠦ᠂ ᠬᠤᠶᠢᠨᠠᠬᠢ ᠨᠢ ᠬᠠᠷᠢᠨ ᠣᠳᠣ ᠶᠢᠨ ᠴᠣᠷ ᠤᠨ ᠭᠠᠭᠴᠠ ᠵᠢᠢ ᠺᠠᠩ ᠤᠨ ︽ᠶᠠᠲᠤᠭ᠎ᠠ ᠶᠢᠨ ᠮᠠᠭᠲᠠᠭᠤ︾ ᠶᠢᠨ ᠲᠤᠬᠠᠶ ᠰᠤᠳᠤᠯᠭᠠᠨ ᠤ ᠠᠩᠭ᠍ᠯᠢ ᠬᠡᠯᠡᠨ ᠤ ᠲᠤᠰᠬᠠᠶ ᠪᠦᠲᠦᠭᠡᠯ ᠪᠤᠯᠤᠭᠰᠠᠨ ᠠᠵᠢ᠃      ᠳᠤᠮᠳᠠᠳᠤ ᠤᠯᠤᠰ ᠤᠨ ᠡᠷᠲᠡᠨ ᠤ ᠶᠠᠲᠤᠭ᠎ᠠ ᠶᠢ ᠭᠦᠨᠵᠡᠭᠡᠶ ᠰᠤᠳᠤᠯᠬᠤ ᠪᠠᠷ ᠳᠠᠮᠵᠢᠵᠤ᠂ ᠭᠦᠯᠢᠺ ᠶᠠᠫᠣᠨ ᠤ ᠶᠠᠲᠤᠭ᠎ᠠ ᠶᠢᠨ ᠡᠭᠦᠰᠦᠯ ᠪᠣᠯ ᠳᠤᠮᠳᠠᠳᠤ ᠤᠯᠤᠰ ᠠᠴᠠ ᠡᠬᠢᠯᠡᠭᠰᠡᠨ ᠢ ᠨᠤᠲᠠᠯᠠᠵᠤ᠂ ᠲᠤᠬᠠᠶ ᠶᠢᠨ ᠦᠶ᠎ᠡ ᠶᠢᠨ ᠥᠷᠥᠨᠡᠳᠠᠬᠢᠨ ᠤ ᠬᠢᠨ ᠳᠣᠷᠣᠨᠠᠳᠠᠬᠢᠨ ᠤ ᠰᠣᠶᠣᠯ ᠢ ᠶᠠᠫᠣᠨ ᠠᠴᠠ ᠡᠭᠦᠰᠦᠯ ᠲᠠᠢ ᠭᠡᠵᠦ ᠦᠵᠡᠵᠦ ᠪᠠᠶᠢᠭᠰᠠᠨ ᠶᠠᠷᠢᠶ᠎ᠠ ᠬᠡᠯᠡᠯᠴᠡᠭᠡ ᠶᠢ ᠬᠦᠴᠦᠲᠡᠶ ᠨᠢᠴᠤᠭᠠᠭᠰᠠᠨ ᠪᠠᠶᠢᠨ᠎ᠠ᠃ ᠲᠡᠷᠡ ᠨᠣᠮ ᠳᠤ ᠪᠠᠨ ᠥᠷᠥᠨᠡᠳᠠᠬᠢᠨ ᠤ ᠤᠩᠰᠢᠭᠴᠢᠳ ᠲᠤ ᠳᠤᠮᠳᠠᠳᠤ ᠤᠯᠤᠰ ᠤᠨ ᠪᠢᠴᠢᠭ ᠤᠨ ᠬᠥᠮᠦᠨ ᠤ ᠮᠥᠰᠥ ᠴᠢᠨᠠᠷ ᠬᠢᠭᠡᠳ ᠡᠷᠲᠡᠨ ᠤ ᠶᠠᠲᠤᠭ᠎ᠠ ᠶᠢᠨ ᠰᠣᠶᠣᠯ ᠤᠨ ᠭᠦᠨ ᠪᠠᠷᠢᠯᠳᠤᠯᠭ᠎ᠠ ᠶᠢ ᠳᠡᠯᠭᠡᠨ ᠦᠵᠡᠭᠦᠯᠵᠦ᠂ ᠥᠷᠥᠨᠡᠳᠠᠬᠢᠨ ᠤ ᠬᠥᠮᠦᠰ ᠲᠤ ᠡᠨᠡ ᠬᠦ ᠭᠦᠨ ᠨᠢᠭᠤᠴᠠᠭᠠᠶ ᠳᠣᠷᠣᠨᠠᠳᠠᠬᠢᠨ ᠤ ᠤᠯᠤᠰ ᠠᠴᠠ ᠢᠷᠡᠭᠰᠡᠨ ᠡᠷᠲᠡᠨ ᠤ ᠬᠦᠭᠵᠢᠮᠳᠡᠬᠦᠷ ᠵᠢᠴᠢ ᠲᠡᠭᠦᠨ ᠤ ᠠᠴᠢᠶᠠᠯᠠᠭᠰᠠᠨ ᠳᠤᠮᠳᠠᠳᠤ ᠶᠢᠨ ᠰᠣᠶᠣᠯ ᠤᠨ ᠠᠭᠤᠯᠬᠤᠨ ᠢ ᠠᠩᠬ᠎ᠠ ᠤᠳᠠᠭ᠎ᠠ ᠲᠠᠨᠢᠭᠤᠯᠤᠭᠰᠠᠨ ᠶᠤᠮ᠃ ᠡᠷᠲᠡᠨ ᠤ ᠶᠠᠲᠤᠭ᠎ᠠ ᠶᠢᠨ ᠲᠤᠬᠠᠶ ᠰᠤᠳᠤᠯᠭᠠᠨ ᠨᠢ ᠪᠠᠰᠠ ᠭᠦᠯᠢᠺ ᠤᠨ ᠳᠤᠮᠳᠠᠳᠤ ᠤᠯᠤᠰ ᠤᠨ ᠰᠣᠶᠣᠯ ᠤᠨ ᠲᠤᠬᠠᠶ ᠲᠠᠨᠢᠯᠲᠠ ᠪᠠ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠳᠤ ᠣᠴᠢᠵᠤ ᠠᠵᠢᠯᠯᠠᠬᠤ ᠪᠠᠷ ᠲᠡᠷᠡ ᠨᠡᠩ ᠢᠳᠡᠪᠬᠢᠲᠡᠶ ᠭᠤᠶᠤᠴᠢᠯᠠᠵᠠᠶ᠃     1943 ᠣᠨ ᠳᠤ᠂ ᠭᠦᠯᠢᠺ ᠤᠨ ᠰᠠᠨᠠᠭᠰᠠᠨ ᠰᠠᠨᠠᠭ᠎ᠠ ᠪᠤᠳᠤᠭᠰᠠᠨ ᠪᠤᠳᠤᠯ ᠨᠢ ᠪᠡᠶᠡᠯᠡᠭᠳᠡᠵᠦ᠂ ᠬᠤᠯᠠᠨᠳ᠋ ᠤᠨ ᠳᠤᠮᠳᠠᠳᠤ ᠤᠯᠤᠰ ᠤᠨ ᠴᠦᠩᠴᠢᠩ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠳᠤ ᠲᠣᠮᠢᠯᠠᠭᠳᠠᠨ ᠠᠵᠢᠯᠯᠠᠵᠦ᠂ ᠲᠤᠬᠠᠶ ᠶᠢᠨ ᠦᠶ᠎ᠡ ᠴᠦᠩᠴᠢᠩ ᠬᠤᠲᠠ ᠳᠤᠮᠳᠠᠳᠤ ᠤᠯᠤᠰ ᠤᠨ ᠲᠠᠶᠢᠨ ᠤ ᠦᠶ᠎ᠡ ᠶᠢᠨ ᠨᠡᠶᠢᠰᠯᠡᠯ ᠪᠣᠯᠤᠭᠰᠠᠨ ᠤ ᠬᠤᠪᠢ ᠳᠤ᠂ ᠰᠠᠶ᠋ᠢᠬᠠᠨ ᠬᠡᠳᠦᠨ ᠡᠭᠡᠯᠵᠢ ᠶᠢᠨ ᠨᠢᠰᠬᠡᠯ ᠤᠨ ᠳᠡᠯᠪᠡᠴᠢᠯᠲᠡ ᠶᠢ ᠥᠩᠭᠡᠷᠡᠭᠡᠵᠦ᠂ ᠬᠠᠭᠤᠴᠢᠨ ᠬᠤᠳᠠ ᠶᠢᠨ ᠪᠠᠷᠢᠯᠭ᠎ᠠ ᠨᠢ ᠪᠠᠷᠤᠭ ᠪᠦᠷᠢᠮᠦᠰᠦᠨ ᠰᠦᠢᠳᠭᠡᠭᠳᠡᠵᠦ᠂ ᠠᠷᠭ᠎ᠠ ᠪᠤᠰᠦ ᠰᠢᠯᠵᠢᠨ ᠨᠡᠭᠦᠭᠰᠡᠨ ᠡᠯᠴᠢᠨ ᠰᠠᠶᠢᠳ ᠤᠨ ᠶᠠᠮᠤᠨ ᠤ ᠠᠯᠪᠠᠨ ᠭᠡᠷ ᠨᠢ ᠴᠦ ᠠᠪᠬᠤ ᠶᠢᠨ ᠠᠷᠭ᠎ᠠ ᠦᠭᠡᠢ ᠡᠪᠳᠡᠷᠡᠵᠦ ᠴᠤᠴᠠᠷᠠᠭᠰᠠᠨ ᠪᠠᠶᠢᠪᠠ᠃ ᠲᠡᠷᠡ ᠥᠪᠡᠷ ᠤᠨ ᠨᠠᠮᠲᠠᠷ ᠲᠤ ᠪᠠᠨ ᠴᠦᠩᠴᠢᠩ ᠤᠨ ᠲᠤᠬᠠᠶ ᠠᠩᠬᠠᠨ ᠤ ᠰᠠᠭᠤᠭᠳᠠᠯ ᠢᠶᠠᠨ ᠢᠩᠬᠢᠵᠦ ᠲᠡᠮᠳᠡᠭᠯᠡᠵᠡᠶ᠄ ︽ᠴᠦᠩᠴᠢᠩ ᠪᠣᠯ ᠨᠢᠭᠡᠨ ᠪᠦᠷᠬᠦᠭ ᠪᠤᠳᠤᠩᠭᠤᠢ ᠬᠤᠳᠠ ᠶᠤᠮ ᠁ ᠭᠠᠵᠠᠷ ᠪᠣᠯᠭᠠᠨ ᠳᠤ ᠡᠪᠳᠡᠷᠡᠵᠦ ᠰᠦᠢᠷᠡᠭᠰᠡᠨ ᠭᠡᠷ ᠪᠠᠶᠢᠰᠢᠩ ᠬᠠᠷᠠᠭᠳᠠᠳᠠᠭ ᠪᠤᠯᠪᠠᠴᠤ᠂ ᠡᠨᠡ ᠬᠤᠲᠠ ᠨᠢ ᠮᠥᠨ ᠯᠡ ᠪᠠᠶᠠᠷ ᠪᠠᠶᠠᠰᠬᠤᠯᠠᠩ ᠢᠶᠠᠷ ᠪᠢᠯᠬᠠᠨ᠎ᠠ᠃ ᠡᠯ᠎ᠡ ᠭᠠᠵᠠᠷ ᠠᠴᠠ ᠢᠷᠡᠭᠰᠡᠨ ᠳᠤᠮᠳᠠᠳᠤ ᠭᠠᠳᠠᠭᠠᠳᠤ ᠶᠢᠨ ᠬᠥᠮᠦᠰ ᠬᠠᠮᠲᠤ ᠶᠢᠨ ᠭᠠᠰᠠᠯᠠᠩ ᠵᠣᠪᠠᠯᠠᠩ ᠪᠠ ᠠᠶᠤᠯ ᠲᠦᠭᠰᠢᠭᠦᠷᠢ ᠠᠴᠠ ᠪᠣᠯᠵᠤ ᠠᠳᠡ ᠢᠷᠡᠭᠰᠡᠨ ᠶᠤᠮ ᠁︾ ᠭᠡᠪᠡ᠃      ᠭᠦᠯᠢᠺ ᠤᠨ ᠨᠢᠳᠦᠨ ᠳᠤ ᠡᠨᠡ ᠬᠤᠲᠠ ᠨᠢ ᠬᠡᠳᠦ᠋ᠪᠡᠷ ᠲᠠᠶᠢᠨ ᠳᠠᠵᠢᠨ ᠳᠤ ᠲᠠᠯᠬᠢᠭᠳᠠᠵᠤ ᠲᠠᠮᠲᠤᠭᠯᠠᠭᠳᠠᠭᠠᠳ ᠡᠷᠡᠮᠳᠡᠭ ᠵᠡᠷᠡᠮᠳᠡᠭ ᠪᠤᠯᠤᠭᠰᠠᠨ ᠪᠣᠯᠪᠠᠴᠤ ᠮᠥᠨ ᠯᠡ ᠢᠳᠡᠪᠬᠢᠲᠡᠶ ᠪᠠᠶᠠᠰᠤᠩᠭᠤᠶ ᠬᠡᠪ ᠢᠶᠠᠷ ᠢᠶᠠᠨ ᠪᠠᠶᠢᠭ᠎ᠠ ᠰᠢᠭ᠋ ᠬᠠᠷᠠᠭᠳᠠᠨ᠎ᠠ᠃ ᠲᠡᠷᠡ ᠮᠠᠰᠢ ᠲᠦᠷᠭᠡᠨ ᠢᠶᠠᠷ ᠴᠦᠩᠴᠢᠩ ᠤᠨ ᠠᠮᠢᠳᠤᠷᠠᠯ ᠳᠤ ᠳᠠᠰᠤᠭᠰᠠᠨ ᠪᠥᠭᠡᠳ ᠠᠯᠳᠠᠷᠲᠤ ᠡᠷᠲᠡᠨ ᠤ ᠶᠠᠲᠤᠭᠠᠴᠢ ᠶᠧ ᠱᠢ ᠮᠧᠩ ᠢ ᠪᠠᠭᠰᠢ ᠪᠠᠷᠢᠵᠤ᠂ ᠶᠠᠲᠤᠭᠠᠨ ᠳᠤ ᠠᠪᠢᠶᠠᠰᠤᠲᠠᠢ ᠲᠡᠷᠡ ᠪᠠᠷ ᠪᠠᠰᠠ ᠴᠦᠩᠴᠢᠩ ᠤᠨ ᠰᠠᠶᠢᠨ ᠳᠤᠷ᠎ᠠ ᠶᠢᠨ ᠲᠣᠭᠯᠠᠯᠲᠠ ᠶᠢᠨ ᠬᠠᠨᠳᠢᠪ ᠴᠤᠭᠯᠠᠭᠤᠯᠬᠤ ᠠᠵᠢᠯ ᠳᠤ ᠤᠯᠠᠨ ᠤᠳᠠᠭ᠎ᠠ ᠣᠷᠣᠯᠴᠠᠵᠤ᠂ ᠨᠢᠭᠦᠯᠡᠰᠦᠩᠭᠦᠶ ᠶᠢᠨ ᠦᠢᠯᠡ ᠠᠵᠢᠯᠯᠠᠭ᠎ᠠ ᠶᠢ ᠳᠡᠮᠵᠢᠨ ᠳᠤᠰᠠᠯᠠᠬᠤ᠂ ᠪᠤᠶᠠᠨ ᠤ ᠮᠥᠩᠭᠦ ᠴᠤᠭᠯᠠᠭᠤᠯᠬᠤ᠂ ᠴᠦᠩᠴᠢᠩ ᠢ ᠲᠠᠬᠢᠨ ᠪᠠᠶᠢᠭᠤᠯᠬᠤ ᠳᠤ ᠥᠪᠡᠷ ᠤᠨ ᠭᠡᠰᠡᠨ ᠬᠤᠪᠢ ᠨᠡᠮᠡᠷᠢ ᠪᠠᠨ ᠤᠷᠤᠭᠤᠯᠵᠠᠢ᠃ ᠠᠮᠢᠳᠤᠷᠠᠯ ᠤᠨ ᠳᠤᠮᠳᠠ ᠬᠡᠳᠦᠶᠢᠪᠡᠷ ᠠᠭᠠᠷ ᠤᠨ ᠲᠡᠭᠠᠷᠢᠯᠳᠠ ᠶᠢᠨ ᠰᠡᠷᠡᠮᠵᠢ ᠶᠢᠨ ᠲᠤᠬᠢᠶ᠎ᠠ ᠲᠠᠢ ᠦᠷᠭᠦᠯᠵᠢ ᠲᠠᠭᠠᠷᠠᠯᠳᠤᠳᠠᠭ ᠪᠣᠯᠪᠠᠴᠤ ᠭᠦᠯᠢᠺ ᠬᠠᠷᠢᠨ ᠬᠡᠵᠢᠶᠡᠳᠠ ᠪᠠᠶᠠᠷ ᠪᠠᠶᠠᠰᠬᠤᠯᠠᠩ ᠲᠠᠢ ᠪᠠᠶᠢᠵᠤ᠂ ᠥᠪᠡᠷ ᠲᠤ ᠪᠠᠨ ᠡᠷᠲᠡᠨ ᠤ ᠥᠩᠭᠡ ᠪᠤᠳᠤᠬ ᠪᠦᠬᠦᠢ ᠬᠢᠲᠠᠳ ᠮᠠᠶ᠋ᠢᠭ ᠤᠨ ᠨᠣᠮ ᠤᠨ ᠦᠷᠦᠭᠡ ᠭᠠᠷᠭᠠᠵᠦ᠂ ᠲᠡᠬᠦᠨ ᠳᠤ ᠪᠠᠨ ︽ᠶᠢᠦ ᠼᠦᠡᠭᠧ︾ ᠭᠡᠰᠡᠨ ᠨᠡᠷ᠎ᠡ ᠥᠭᠭᠦᠭᠡᠳ᠂ ︽ᠨᠠᠨᠳᠢᠩᠨᠠᠨ ᠬᠠᠳᠠᠭᠠᠯᠠᠭᠠᠳ ᠪᠠᠷᠠᠬᠤ ᠦᠭᠡᠢ᠂ ᠢᠲᠡᠭᠡᠯ ᠵᠣᠷᠢᠭ ᠬᠡᠪ ᠢᠶᠠᠷ ᠢᠶᠠᠨ︾ ᠭᠡᠰᠡᠨ ᠤᠳᠬ᠎ᠠ ᠶᠢ ᠢᠯᠡᠳᠬᠡᠵᠡᠶ᠃   
2.jpg
      ▲ᠭᠦᠯᠢᠺ ᠨᠣᠮ ᠤᠨ ᠥᠷᠦᠭᠡᠨ ᠳᠤ ᠪᠠᠨ ᠡᠷᠲᠡᠨ ᠤ ᠶᠠᠲᠤᠭ᠎ᠠ ᠬᠥᠭᠵᠢᠮᠳᠡᠵᠦ ᠪᠠᠶᠢᠭ᠎ᠠ ᠨᠢ ︵ᠵᠢᠷᠤᠭ ᠤᠨ ᠢᠷᠡᠯᠲᠡ᠄ ᠫᠧᠩ ᠫᠠᠢ ᠰᠣᠨᠢᠨ ᠮᠡᠳᠡᠭᠡ︶       ᠲᠡᠷᠡ ᠦᠷᠭᠦᠯᠵᠢ ᠡᠨᠡ ᠬᠦ ᠳᠤᠮᠳᠠᠳᠤ ᠮᠠᠶ᠋ᠢᠭ ᠤᠨ ᠵᠢᠵᠢᠭ ᠨᠤᠮ ᠤᠨ ᠥᠷᠥᠭᠡᠨ ᠳᠤ ᠪᠠᠨ ᠴᠤᠭᠯᠠᠭᠤᠯᠵᠤ ᠠᠪᠴᠢᠷᠠᠭᠰᠠᠨ ᠳᠤᠮᠳᠠᠳᠤ ᠤᠯᠤᠰ ᠤᠨ ᠡᠯ᠎ᠡ ᠵᠦᠢᠯ ᠤᠨ ᠡᠷᠲᠡᠨ ᠤ ᠰᠤᠳᠤᠷ ᠪᠢᠴᠢᠭ ᠢ ᠤᠩᠰᠢᠳᠠᠭ ᠪᠠᠶᠢᠭᠰᠠᠨ ᠢᠶᠠᠨ ᠨᠢᠭᠡᠨ ᠡᠳᠦᠷ ᠳᠤᠮᠳᠠᠳᠤ ᠤᠯᠤᠰ ᠤᠨ ᠴᠢᠩ ᠤᠯᠤᠰ ᠤᠨ ᠦᠶ᠎ᠡ ᠶᠢᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ︽ᠡᠦ ᠽᠧ ᠲᠢᠶᠠᠨ ᠤ ᠳᠦᠷᠪᠡᠨ ᠶᠡᠭᠡ ᠭᠠᠶᠢᠬᠠᠮᠰᠢᠭᠲᠤ ᠬᠡᠷᠡᠭ︾ ᠢ ᠣᠯᠵᠤ ᠤᠩᠰᠢᠭᠠᠳ ᠶᠡᠬᠡᠳᠡ ᠭᠠᠶᠢᠬᠠᠰᠢ ᠠᠯᠳᠠᠪᠠ᠃ ᠲᠡᠷᠡ ᠦᠯᠢᠭᠡᠷ ᠤᠨ ᠵᠣᠬᠢᠶᠠᠯ ᠳᠠᠬᠢ ᠵᠣᠬᠢᠶᠠᠯ ᠤᠨ ᠪᠠᠭᠠᠲᠤᠷ ᠳ᠋ᠢ ᠷᠧᠨ ᠵᠢᠶᠧ ᠶᠢᠨ ᠠᠯᠪᠠᠨ ᠬᠡᠷᠡᠭ ᠢ ᠰᠢᠭᠦᠨ ᠲᠠᠰᠤᠯᠤᠭᠰᠠᠨ ᠳᠤᠮᠤᠭ ᠦᠯᠢᠭᠡᠷ ᠲᠤ ᠪᠠᠭ᠋ᠠᠷᠬᠠᠯ ᠲᠦᠷᠦᠵᠦ᠂ ᠳᠤᠮᠳᠠᠳᠤ ᠤᠯᠤᠰ ᠤᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠤᠨ ᠥᠨᠢ ᠤᠳᠠᠭᠠᠨ ᠲᠡᠦᠬᠡ ᠳᠤ ᠤᠤᠯᠭ᠎ᠠ ᠠᠯᠳᠠᠵᠤ᠂ ᠦᠷᠦᠨᠡᠳᠡᠬᠢᠨ ᠳᠤ ᠲᠠᠩᠨᠠᠨ ᠮᠥᠷᠳᠡᠯᠲᠡ ᠶᠢᠨ ᠰᠡᠳᠦᠪᠲᠦ ᠦᠯᠢᠭᠡᠷ ᠤᠨ ᠵᠣᠬᠢᠶᠠᠯ ᠪᠤᠢ ᠪᠣᠯᠬᠤ ᠠᠴᠠ ᠡᠮᠦᠨ᠎ᠡ᠂ ᠳᠤᠮᠳᠠᠳᠤ ᠤᠯᠤᠰ ᠲᠤ ᠡᠶᠢᠮᠦᠷᠬᠦᠦ ᠵᠤᠬᠢᠶᠠᠯ ᠨᠢᠭᠡᠨᠲᠡ ᠲᠦᠭᠡᠮᠠᠯ ᠳᠡᠯᠭᠡᠷᠡᠭᠡᠳ ᠬᠡᠳᠦᠨ ᠵᠠᠭᠤᠨ ᠵᠢᠯ ᠪᠤᠯᠵᠤ᠂ ᠨᠣᠮ ᠳᠤ ᠳᠦᠷᠰᠦᠯᠡᠨ ᠪᠢᠴᠢᠭᠰᠡᠨ ᠳᠤᠮᠳᠠᠳᠤ ᠤᠯᠤᠰ ᠤᠨ ᠬᠠᠤᠯᠢ ᠶᠢᠨ ᠲᠤᠰᠢᠶᠠᠯᠲᠠᠨ ᠤ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠠᠷᠭ᠎ᠠ ᠪᠠᠷᠢᠯ ᠪᠠ ᠬᠡᠷᠡᠭ ᠵᠠᠷᠭᠤ ᠶᠢ ᠰᠢᠭᠦᠨ ᠲᠠᠰᠤᠯᠬᠤ ᠤᠷ᠎ᠠ ᠴᠢᠳᠠᠪᠤᠷᠢ᠂ ᠦᠯᠢᠭᠡᠷ ᠤᠨ ᠦᠢᠯᠡ ᠶᠠᠪᠤᠳᠠᠯ ᠤᠨ ᠨᠠᠷᠢᠨ ᠲᠣᠬᠢᠷᠠᠭᠤᠯᠤᠯᠲᠠ ᠪᠠ ᠵᠣᠬᠢᠶᠠᠯ ᠤᠨ ᠪᠠᠭᠠᠲᠤᠷ ᠤᠨ ᠠᠮᠢᠳᠤᠯᠢᠭ ᠵᠢᠷᠤᠭᠯᠠᠯ ᠨᠢ ᠥᠷᠥᠨᠡᠳᠠᠬᠢᠨ ᠤ ᠲᠠᠩᠨᠠᠨ ᠮᠥᠷᠳᠡᠯᠲᠡ ᠶᠢᠨ ᠦᠯᠢᠭᠡᠷ ᠤᠨ ᠵᠣᠬᠢᠶᠠᠯ ᠠᠴᠠ ᠥᠴᠦᠬᠡᠨ ᠴᠦ ᠳᠣᠣᠷ᠎ᠠ ᠦᠭᠡᠶ᠂ ᠴᠢᠨᠠᠭᠰᠢᠯᠠᠪᠠᠯ ᠳᠠᠪᠠᠭ᠋ᠤ ᠠᠴᠠ ᠪᠢᠰᠢ ᠳᠤᠲᠠᠬᠤ ᠦᠭᠡᠶ ᠬᠡᠮᠵᠢᠶᠠᠨ ᠳᠤ ᠬᠦᠷᠦᠭᠰᠡᠨ ᠭᠡᠳᠡᠭ ᠢ ᠮᠡᠳᠠᠷᠡᠪᠡ᠃      ᠲᠡᠷᠡ ᠨᠢᠭᠡ ᠯᠡ ᠳᠤᠤᠷ᠎ᠠ ᠳᠤᠮᠳᠠᠳᠤ ᠤᠯᠤᠰ ᠤᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠤᠨ ᠤᠷᠴᠢᠭᠤᠯᠬᠤ ᠠᠵᠢᠯ ᠪᠠ ᠪᠢᠴᠢᠬᠦ ᠠᠵᠢᠯ ᠳᠤ ᠰᠢᠮᠡᠳᠦᠨ ᠤᠷᠤᠭᠠᠳ᠂ ᠲᠡᠰᠴᠤ ᠶᠠᠳᠠᠮ᠎ᠠ ᠰᠡᠳᠬᠢᠯᠭᠡ ᠪᠠᠷ ᠥᠷᠥᠨᠡᠳᠠᠬᠢᠨ ᠤ ᠥᠷᠭᠡᠨ ᠤᠯᠠᠨ ᠤᠩᠰᠢᠭᠴᠢᠳ ᠲᠠᠢ ᠬᠠᠮᠲᠤ ᠪᠠᠷ ᠳᠤᠮᠳᠠᠳᠤ ᠤᠯᠤᠰ ᠤᠨ ᠭᠤᠶᠢᠳᠠ ᠰᠠᠶᠢᠬᠠᠨ ᠦᠯᠢᠭᠡᠷ ᠳᠣᠮᠤᠭ ᠢ ᠬᠤᠪᠢᠶᠠᠯᠴᠠᠬᠤ ᠪᠠᠷ ᠪᠤᠳᠤᠵᠦ᠂ ᠳ᠋ᠢ ᠷᠧᠨ ᠵᠢᠶᠧ ᠪᠠᠷ ᠭᠤᠣᠯ ᠪᠠᠭᠠᠲᠤᠷ ᠪᠣᠯᠭᠠᠵᠤ᠂ ᠳᠣᠷᠣᠨᠠᠳᠠᠬᠢᠨ ᠤ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠢ ᠥᠷᠥᠨᠡᠳᠠᠬᠢᠨ ᠤ ᠲᠠᠩᠨᠠᠨ ᠮᠥᠷᠳᠡᠯᠲᠡ ᠶᠢᠨ ᠦᠯᠢᠭᠡᠷ ᠤᠨ ᠵᠣᠬᠢᠶᠠᠯ ᠤᠨ ᠣᠨᠴᠠᠯᠢᠭ ᠲᠠᠢ ᠤᠶᠠᠯᠳᠤᠭᠤᠯᠵᠤ᠂ ᠠᠩᠭ᠍ᠯᠢ ᠬᠡᠯᠡ ᠪᠠᠷ ᠠᠯᠢ ᠤᠯᠠᠨ ᠳᠤᠮᠳᠠ ᠣᠬᠤᠷ ᠲᠠᠩᠨᠠᠨ ᠮᠥᠷᠳᠡᠯᠲᠡ ᠶᠢᠨ ᠦᠯᠢᠭᠡᠷ ᠤᠨ ᠵᠤᠬᠢᠶᠠᠯ ᠢ ᠲᠤᠭᠤᠷᠪᠢᠵᠦ᠂ ︽ᠶᠡᠭᠡ ᠲᠠᠩ ᠳ᠋ᠢ ᠶᠢᠨ ᠠᠯᠪᠠᠨ ᠬᠡᠷᠡᠭ︾ ︵Celebrated Cases of Judge Dee᠂ 1950 - 1967︶ ᠭᠡᠰᠠᠨ ᠨᠣᠮ ᠳᠤ ᠪᠠᠨ ᠡᠮᠬᠢᠳᠬᠢᠨ ᠤᠷᠦᠭᠤᠯᠪᠠ᠃ ᠲᠤᠰ ᠦᠯᠢᠭᠡᠷ ᠤᠨ ᠵᠣᠬᠢᠶᠠᠯ ᠨᠢ ᠥᠷᠥᠨᠡᠳᠠᠬᠢᠨ ᠳᠤ ᠬᠡᠪᠯᠡᠭᠳᠡᠮᠡᠭᠴᠡ ᠶᠡᠭᠡ ᠳᠣᠩᠰᠣᠯᠤᠯᠲᠠ ᠭᠠᠷᠴᠤ᠂ ᠬᠥᠮᠦᠰ ᠪᠤᠯᠢᠶᠠᠯᠴᠠᠨ ᠤᠩᠰᠢᠬᠤ ᠶᠢᠨ ᠳᠠᠭᠠᠤ ᠵᠣᠬᠢᠶᠠᠯ ᠤᠨ ᠪᠠᠭᠠᠲᠤᠷ ᠢ ᠳᠤᠮᠳᠠᠳᠤ ᠤᠯᠤᠰ ᠠᠴᠠ ᠢᠷᠡᠭᠰᠡᠨ ᠹᠤᠷᠮᠦᠰ ᠭᠡᠵᠦ ᠮᠠᠭᠲᠠᠭᠰᠠᠨ ᠪᠥᠭᠡᠳ ᠨᠣᠮ ᠳᠤ ᠢᠯᠡᠷᠡᠭᠰᠡᠨ ᠳᠤᠮᠳᠠᠳᠤ ᠤᠯᠤᠰ ᠤᠨ ᠣᠷᠣᠨ ᠨᠤᠲᠤᠭ ᠤᠨ ᠵᠠᠩ ᠠᠭᠠᠯᠢ᠂ ᠬᠠᠤᠯᠢ ᠳᠦᠷᠢᠮ ᠨᠡᠷᠡᠲᠦ ᠪᠣᠳᠠᠰ᠂ ᠨᠡᠶᠢᠭᠡᠮ ᠤᠨ ᠠᠬᠤᠢ ᠪᠠᠶᠢᠳᠠᠯ ᠳᠤ ᠬᠠᠴᠢᠷᠬᠠᠨ ᠰᠣᠨᠢᠷᠬᠠᠬᠤ ᠬᠦᠰᠡᠯ ᠮᠥᠷᠥᠭᠡᠳᠦᠯ ᠶᠡᠭᠡ ᠪᠠᠷ ᠲᠥᠷᠥᠭᠳᠡᠵᠦ᠂ ᠥᠷᠥᠨᠡᠳᠠᠬᠢᠨ ᠤ ᠤᠯᠠᠮᠵᠢᠯᠠᠯᠲᠤ ᠲᠠᠩᠨᠠᠨ ᠮᠥᠷᠳᠡᠯᠲᠠ ᠶᠢᠨ ᠵᠠᠭᠪᠤᠷ ᠲᠠᠢ ᠠᠳᠠᠯᠢ ᠦᠭᠡᠶ ᠳᠣᠷᠣᠨᠠᠳᠠᠬᠢᠨ ᠤ ᠲᠠᠩᠨᠠᠨ ᠮᠥᠷᠳᠡᠯᠲᠡ ᠶᠢᠨ ᠦᠯᠢᠭᠡᠷ ᠨᠢ ᠥᠷᠥᠨᠡᠳᠠᠬᠢᠨ ᠤ ᠤᠩᠰᠢᠭᠴᠢᠳ ᠲᠤ ᠶᠠᠭᠠᠬᠢᠬᠤ ᠶᠢᠨ ᠠᠷᠭ᠎ᠠ ᠦᠭᠡᠢ ᠰᠢᠨ᠎ᠡ ᠰᠡᠪᠡᠭᠦᠨ ᠰᠠᠭᠤᠭᠳᠠᠯ ᠥᠭᠭᠦᠭᠰᠡᠨ ᠪᠠᠶᠢᠨ᠎ᠠ᠃      ︽ᠶᠡᠭᠡ ᠲᠠᠩ ᠳ᠋ᠢ ᠶᠢᠨ ᠠᠯᠪᠠᠨ ᠬᠡᠷᠡᠭ︾ ᠳᠠᠬᠢᠨ ᠲᠠᠪᠲᠠᠨ ᠬᠡᠪᠯᠡᠭᠳᠡᠵᠦ᠂ ᠠᠷᠪᠠᠨ ᠬᠡᠳᠦᠨ ᠵᠦᠢᠯ ᠤᠨ ᠬᠡᠯᠡ ᠳᠤ ᠣᠷᠴᠢᠭᠤᠯᠤᠭᠳᠠᠨ ᠡᠯ᠎ᠡ ᠤᠯᠤᠰ ᠲᠤ ᠲᠠᠷᠬᠠᠭᠠᠭᠳᠠᠵᠤ᠂ ᠠᠮᠧᠷᠢᠺᠠ ᠶᠢᠨ ᠴᠢᠺᠠᠭᠤ᠋ ᠶᠡᠭᠡ ᠰᠤᠷᠭᠠᠭᠤᠯᠢ ᠪᠠᠰᠠ ᠰᠤᠷᠤᠭᠴᠢᠳ ᠤᠨ ᠡᠷᠬᠡᠪᠰᠢ ᠤᠩᠰᠢᠬᠤ ᠨᠣᠮ ᠤᠨ ᠭᠠᠷᠴᠠᠭ ᠲᠤ ᠤᠷᠤᠭᠤᠯᠤᠭᠰᠠᠨ ᠪᠥᠭᠡᠳ ᠳ᠋ᠢ ᠷᠧᠨ ᠵᠢᠶᠧ ᠴᠦ ᠥᠷᠥᠨᠡᠳᠠᠬᠢᠨ ᠤ ᠬᠥᠮᠦᠨ ᠪᠦᠬᠦᠨ ᠤ ᠮᠡᠳᠡᠳᠡᠭ ᠵᠤᠬᠢᠶᠠᠯ ᠤᠨ ᠪᠠᠭᠠᠲᠤᠷ ᠪᠣᠯᠤᠭᠰᠠᠨ ᠪᠠᠶᠢᠨ᠎ᠠ᠃ ᠬᠤᠯᠠᠨᠳ᠋ ᠤᠨ ᠬᠠᠭᠠᠨ ᠤ ᠤᠭᠰᠠᠭ᠎ᠠ ᠬᠢᠭᠡᠳ ᠤᠷᠠᠯᠢᠭ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠬᠠᠷᠸᠠᠷᠳ᠋ ᠶᠡᠭᠡ ᠰᠤᠷᠭᠠᠭᠤᠯᠢ ᠶᠢᠨ ᠫᠷᠣᠹᠧᠰᠰᠣᠷ ᠢᠸᠢᠳ᠋ ︵Wilt Idema︶ ᠪᠠᠭ᠎ᠠ ᠶᠢᠨ ᠦᠶ᠎ᠡ ᠪᠠᠨ ᠡᠷᠭᠢᠴᠡᠭᠦᠯᠬᠦ ᠳᠤ ᠪᠠᠨ᠄ ︽᠁ ᠪᠢ ᠶᠠᠭ ᠬᠤᠯᠠᠨᠳ᠋ ᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠦᠶ᠎ᠡ ᠳᠤ ᠪᠠᠨ ᠶᠡᠷᠦ ᠨᠢ ᠡᠪᠦᠯ ᠤᠨ ᠡᠬᠢᠨ ᠤ ᠦᠶ᠎ᠡ ᠪᠤᠯᠬᠤ ᠲᠠᠢ ᠵᠡᠷᠭᠡ ᠲᠤᠬᠠᠶ ᠶᠢᠨ ᠭᠠᠵᠠᠷ ᠤᠨ ᠨᠣᠮ ᠤᠨ ᠰᠠᠩ ᠠᠴᠠ ᠬᠠᠮᠤᠭ ᠤᠨ ᠰᠢᠨ᠎ᠡ ᠬᠡᠪᠯᠡᠭᠳᠡᠭᠰᠡᠨ ᠬᠤᠯᠠᠨᠳ᠋ ᠬᠡᠯᠡᠨ ᠤ ᠣᠷᠴᠢᠭᠤᠯᠭ᠎ᠠ ᠶᠢᠨ ᠳ᠋ᠢ ᠶᠢᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠢ ᠵᠢᠭᠡᠯᠡᠵᠦ ᠦᠵᠡᠭᠡᠳ ᠁ 1963 ᠣᠨ ᠳᠤ ᠪᠢ ᠶᠡᠭᠡ ᠰᠤᠷᠭᠠᠭᠤᠯᠢ ᠳᠤ ᠣᠷᠣᠬᠤ ᠠᠴᠠ ᠡᠮᠦᠨ᠎ᠡ᠂ ᠳᠤᠮᠳᠠᠳᠤ ᠤᠯᠤᠰ ᠤᠨ ᠲᠤᠬᠠᠶ ᠮᠢᠨᠦ ᠪᠦᠬᠦ ᠣᠶᠢᠯᠠᠭᠠᠯᠲᠠ ᠪᠣᠯ ᠴᠥᠮ ᠭᠦᠯᠢᠺ ᠤᠨ ᠳ᠋ᠢ ᠶᠢᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠳᠤ ᠰᠠᠭᠤᠷᠢᠯᠠᠭᠰᠠᠨ ᠶᠤᠮ︾ ᠭᠡᠵᠡᠢ᠃ ᠭᠦᠯᠢᠺ ᠤᠨ ᠣᠷᠴᠢᠭᠤᠯᠤᠭᠰᠠᠨ ᠪᠠ ᠪᠢᠴᠢᠭᠰᠡᠨ ︽ᠶᠡᠭᠡ ᠲᠠᠩ ᠳ᠋ᠢ ᠶᠢᠨ ᠠᠯᠪᠠᠨ ᠬᠡᠷᠡᠭ︾ ᠨᠢ ᠥᠷᠥᠨᠡᠳᠠᠬᠢᠨ ᠳᠤ ᠡᠨᠡ ᠮᠡᠲᠦ ᠬᠦᠷᠢᠶᠡᠯᠡᠯ ᠤᠯᠬᠤ ᠶᠢ ᠥᠪᠡᠷ ᠢᠶᠠᠨ ᠴᠦ ᠭᠡᠰᠡᠨ ᠪᠤᠳᠤᠵᠤ ᠣᠯᠤᠭᠰᠠᠨ ᠦᠭᠡᠢ ᠪᠠᠶᠢᠵᠠᠢ᠂ 20 ᠳ᠋ᠤᠭᠠᠷ ᠵᠠᠭᠤᠨ ᠤ ᠲᠠᠯᠠᠭᠠᠳ ᠣᠨ ᠤ ᠦᠶ᠎ᠡ ᠳᠤ ᠲᠤᠰ ᠨᠣᠮ ᠮᠥᠨ ᠯᠡ ᠪᠣᠷᠣᠯᠠᠭᠤᠯᠭ᠎ᠠ ᠰᠠᠶᠢᠲᠠᠶ ᠪᠠᠶᠢᠵᠤ᠂ ᠵᠠᠭᠤᠨ ᠲᠦᠮᠡᠨ ᠳᠡᠪᠲᠡᠷ ᠠᠴᠠ ᠢᠯᠡᠭᠦᠦ ᠲᠠᠷᠬᠠᠭᠠᠭᠳᠠᠵᠤ᠂ ᠭᠦᠯᠢᠺ ᠡᠭᠦᠨ ᠠᠴᠠ ᠪᠤᠯᠵᠤ ᠥᠪᠡᠷ ᠢᠶᠠᠨ ᠴᠦ ᠭᠡᠰᠠᠨ ᠳᠡᠯᠡᠬᠡᠢ ᠳᠤ ᠨᠡᠷ᠎ᠡ ᠠᠯᠳᠠᠷ ᠲᠠᠢ ᠬᠦᠮᠦᠨ ᠪᠤᠯᠵᠠᠢ᠃      ︽ᠶᠡᠭᠡ ᠳᠠᠩ ᠳ᠋ᠢ ᠶᠢᠨ ᠠᠯᠪᠠᠨ ᠬᠡᠷᠡᠭ︾ ᠤᠨ ᠠᠮᠵᠢᠯᠲᠠ ᠪᠦᠲᠦᠭᠡᠯ ᠨᠢ ᠭᠦᠯᠢᠺ ᠤᠨ ᠥᠪᠡᠷ ᠤᠨ ᠬᠢᠨᠢ ᠡᠯᠪᠡᠭ ᠪᠠᠶᠠᠯᠢᠭ ᠡᠷᠳᠡᠮ ᠮᠡᠳᠡᠯᠭᠡ ᠪᠠ ᠳᠤᠮᠳᠠᠳᠤ ᠤᠯᠤᠰ ᠤᠨ ᠡᠷᠲᠡᠨ ᠤ ᠰᠣᠶᠣᠯ ᠤᠨ ᠲᠤᠬᠠᠶ ᠭᠦᠨᠵᠡᠭᠡᠶ ᠣᠶᠢᠯᠠᠭᠠᠯᠲᠠ ᠠᠴᠠ ᠰᠠᠯᠵᠤ ᠴᠢᠳᠠᠬᠤ ᠦᠭᠡᠶ ᠶᠤᠮ᠃ ᠲᠤᠰ ᠨᠣᠮ ᠳᠤ ᠳᠤᠮᠳᠠᠳᠤ ᠤᠯᠤᠰ ᠤᠨ ᠨᠡᠶᠢᠭᠡᠮ᠂ ᠵᠠᠩ ᠦᠢᠯᠡ᠂ ᠬᠠᠤᠯᠢ ᠴᠠᠭᠠᠵᠠ᠂ ᠠᠷᠠᠳ ᠤᠨ ᠪᠠᠶᠢᠳᠠᠯ ᠵᠡᠷᠭᠡ ᠶᠢᠨ ᠲᠤᠬᠠᠶ ᠦᠨᠡᠨ ᠪᠣᠳᠠᠲᠠᠶ ᠨᠠᠷᠢᠨ ᠵᠢᠷᠤᠭᠯᠠᠯ ᠠᠴᠠ ᠲᠡᠭᠦᠨ ᠤ ᠵᠤᠬᠢᠶᠠᠭᠴᠢ ᠨᠢ ᠲᠡᠷᠡ ᠴᠢᠭ ᠢᠶᠠᠷ ᠢᠶᠠᠨ ᠥᠷᠥᠨᠡᠳᠠᠬᠢᠨ ᠤ ᠬᠥᠮᠦᠨ ᠭᠡᠳᠡᠭ ᠢ ᠲᠥᠰᠦᠭᠡᠯᠡᠬᠦᠶ᠎ᠡ ᠪᠡᠷᠬᠡ ᠶᠤᠮ᠃ ᠲᠡᠷᠡ ᠪᠠᠷ ᠳᠤᠮᠳᠠᠳᠤ ᠤᠯᠤᠰ ᠤᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ ᠢ ᠰᠡᠳᠬᠢᠯ ᠤᠨ ᠤᠭ ᠠᠴᠠ ᠪᠠᠨ ᠪᠢᠰᠢᠷᠡᠨ ᠪᠠᠭ᠋ᠠᠷᠬᠠᠳᠠᠭ ᠤᠴᠢᠷ ᠠᠴᠠ ᠲᠡᠭᠦᠨ ᠤ ᠨᠣᠮ ᠳᠤ ᠳᠦᠷᠰᠦᠯᠡᠨ ᠪᠦᠲᠦᠭᠡᠭᠳᠡᠭᠰᠡᠨ ᠳᠤᠮᠳᠠᠳᠤ ᠤᠯᠤᠰ ᠤᠨ ᠡᠷᠲᠡᠨ ᠤ ᠬᠠᠤᠯᠢ ᠬᠡᠷᠡᠭᠵᠢᠭᠦᠯᠦᠭᠴᠢ ᠶᠢᠨ ᠳᠦᠷᠢ ᠨᠢ ᠣᠶᠤᠨ ᠤᠬᠠᠭᠠᠨᠯᠢᠭ ᠪᠥᠭᠡᠳ ᠲᠥᠪ ᠭᠤᠣᠯᠴᠢ ᠪᠠᠢᠵᠦ᠂ ᠣᠨᠴᠠᠭᠠᠶ ᠠᠮᠢᠳᠤᠯᠢᠭ ᠳᠦᠷᠰᠦᠯᠢᠭ ᠢᠶᠠᠷ ᠢᠯᠡᠷᠡᠵᠦ᠂ ᠥᠷᠥᠨᠡᠳᠠᠬᠢᠨ ᠤ ᠥᠷᠭᠡᠨ ᠣᠯᠠᠨ ᠤᠩᠰᠢᠭᠴᠢᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃ ᠭᠦᠯᠢᠺ ᠤᠨ ᠦᠵᠡᠬᠦ ᠪᠠᠷ᠂ ᠳᠤᠮᠳᠠᠳᠤ ᠤᠯᠤᠰ ᠤᠨ ᠰᠣᠶᠣᠯ ᠪᠣᠯ ᠡᠨᠡ ᠮᠡᠲᠦ ᠥᠷᠭᠡᠨ ᠳᠡᠯᠭᠡᠷ ᠭᠦᠨ ᠭᠦᠨᠵᠡᠭᠡᠶ ᠪᠠᠶᠢᠵᠤ᠂ ᠵᠥᠪᠬᠡᠨ ᠳᠤᠮᠳᠠᠳᠤ ᠤᠯᠤᠰ ᠲᠤ ᠯᠠ ᠬᠠᠷᠢᠶᠠᠯᠠᠭᠳᠠᠬᠤ ᠡᠶᠢᠨ ᠬᠦ ᠤᠯᠠᠨ ᠰᠢᠯᠢᠳᠡᠭ ᠰᠣᠶᠣᠯ ᠤᠨ ᠥᠪ ᠢ ᠤᠯᠠᠮ ᠴᠢᠨᠠᠭᠰᠢᠳᠠ ᠠᠭᠤᠳᠠᠯᠤᠨ ᠰᠤᠳᠤᠯᠬᠤ ᠴᠢᠬᠤᠯᠠᠲᠠᠶ ᠪᠠᠶᠢᠨ᠎ᠠ ᠭᠡᠵᠦ ᠦᠵᠡᠵᠡᠢ᠃
3.jpg    
     ▲ 2008 ᠣᠨ ᠳᠤ ᠤᠯᠤᠰ ᠤᠨ ᠲᠣᠳᠤᠭᠠᠳᠤ ᠳᠤ ᠲᠠᠷᠬᠠᠭᠳᠠᠭᠰᠠᠨ ᠬᠢᠲᠠᠳ ᠬᠡᠯᠡᠨ ᠤ ᠬᠡᠪᠯᠡᠯ ᠤᠨ ︽ᠶᠡᠭᠡ ᠲᠠᠩ ᠳ᠋ᠢ ᠶᠢᠨ ᠠᠯᠪᠠᠨ ᠬᠡᠷᠡᠭ︾ ︵ᠵᠢᠷᠤᠭ ᠤᠨ ᠢᠷᠡᠯᠲᠡ᠄ ᠳ᠋ᠸᠤ ᠪᠠᠨ ᠨᠣᠮ ᠤᠩᠰᠢᠯᠭ᠎ᠠ︶
4.jpg
     ▲ ᠡᠯ᠎ᠡ ᠤᠯᠤᠰ ᠲᠤ ᠲᠠᠷᠬᠠᠭᠳᠠᠭᠰᠠᠨ ᠠᠳᠠᠯᠢ ᠪᠤᠰᠤ ᠬᠡᠪᠯᠡᠯ ᠤᠨ ︽ᠶᠡᠭᠡ ᠲᠠᠩ ᠳ᠋ᠢ ᠶᠢᠨ ᠠᠯᠪᠠᠨ ᠬᠡᠷᠡᠭ︾ ︵ᠵᠢᠷᠤᠭ ᠤᠨ ᠢᠷᠡᠯᠲᠡ᠄ ᡁᠢ ᠬᠤ᠋︶     ᠴᠦᠩᠴᠢᠩ ᠳᠤ ᠪᠠᠶᠢᠭᠰᠠᠨ ᠣᠯᠠᠨ ᠵᠢᠯ ᠤᠨ ᠴᠠᠭ ᠮᠥᠴᠡ ᠨᠢ ᠭᠦᠯᠢᠺ ᠳᠤ ᠠᠪᠴᠤ ᠬᠡᠯᠡᠪᠡᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠡᠷᠡ᠄ ︽ᠴᠦᠩᠴᠢᠩ ᠳᠤ ᠥᠩᠭᠡᠷᠡᠭᠦᠯᠦᠭᠰᠡᠨ ᠣᠨ ᠰᠠᠷ᠎ᠠ ᠨᠤᠭᠤᠳ ᠮᠢᠨᠦ ᠡᠷᠳᠡᠮ ᠰᠢᠨᠵᠢᠯᠡᠭᠡ ᠪᠠ ᠤᠷᠠᠯᠢᠭ ᠤᠨ ᠲᠠᠯ᠎ᠠ ᠪᠠᠷ ᠬᠢ ᠰᠤᠳᠤᠯᠤᠯ ᠳᠤ ᠬᠡᠮᠵᠢᠶᠡᠯᠡᠰᠢ ᠦᠭᠡᠢ ᠦᠨ᠎ᠡ ᠴᠡᠨ᠎ᠡ ᠲᠠᠢ ᠶᠤᠮ︾ ᠭᠡᠵᠦ ᠥᠪᠡᠷ ᠤᠨ ᠨᠠᠮᠲᠠᠷ ᠲᠤ ᠪᠠᠨ ᠳᠤᠷᠠᠳᠴᠤ ᠥᠩᠭᠡᠷᠡᠵᠡᠶ᠃ ᠦᠨᠡᠨ ᠳᠤ ᠪᠠᠨ ᠡᠷᠳᠡᠮ ᠰᠢᠨᠵᠢᠯᠡᠭᠡᠨ ᠤ ᠲᠠᠯ᠎ᠠ ᠪᠠᠷ ᠬᠢ ᠣᠯᠤᠯᠲᠠ ᠠᠴᠠ ᠭᠠᠳᠠᠨ᠎ᠠ᠂ ᠭᠦᠯᠢᠺ ᠴᠦᠩᠴᠢᠩ ᠳᠤ ᠪᠠᠶᠢᠬᠤ ᠳᠤ ᠪᠠᠨ ᠪᠠᠰᠠ ᠲᠡᠭᠦᠨ ᠤ ᠨᠢᠭᠡ ᠨᠠᠰᠤᠨ ᠤ ᠬᠠᠮᠤᠭ ᠤᠨ ᠲᠤᠲᠤᠨᠤ ᠬᠠᠨᠢ᠂ ᠲᠡᠭᠦᠨ ᠤ ᠬᠢᠲᠠᠳ ᠬᠡᠯᠡᠨ ᠤ ᠪᠠᠭᠰᠢ᠂ ᠱᠦᠢ ᠱᠢ ᠹᠠᠩ ᠠᠪᠠᠭ᠋ᠠᠢ ᠲᠠᠢ ᠲᠠᠨᠢᠯᠴᠠᠭᠰᠠᠨ ᠶᠤᠮ᠃     ᠭᠦᠯᠢᠺ ᠤᠨ ᠦᠵᠡᠮᠡᠭᠴᠡ ᠪᠠᠨ ᠲᠣᠭᠤᠭᠰᠠᠨ ᠱᠦᠶ ᠱᠢ ᠹᠠᠩ ᠠᠪᠠᠭ᠋ᠠᠢ ᠪᠣᠯ ᠰᠤᠷᠪᠤᠯᠵᠢᠲᠤ ᠭᠡᠷ ᠤᠨ ᠬᠤᠶᠢᠴᠢᠰ ᠪᠠᠶᠢᠵᠤ᠂ ᠨᠠᠭᠠᠴᠤ ᠡᠪᠦᠭᠡ ᠨᠢ ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠭᠠᠳᠠᠭᠠᠳᠤ ᠶᠢ ᠳᠠᠭᠤᠷᠢᠶᠠᠬᠤ ᠪᠦᠯᠦᠭ ᠤᠨ ᠠᠯᠳᠠᠷᠲᠤ ᠤᠳᠤᠷᠢᠳᠤᠭᠴᠢ ᠵᠠᠩ ᡁᠢ ᠳ᠋ᠦᠩ᠂ ᠡᠴᠢᠭᠡ ᠨᠢ ᠭᠠᠳᠠᠭᠠᠳᠤ ᠬᠠᠷᠢᠯᠴᠠᠭᠠᠨ ᠤ ᠨᠣᠶᠠᠨ ᠪᠠᠶᠢᠪᠠ᠃ ᠲᠡᠷᠡ ᠤᠯᠠᠨ ᠠᠴᠠ ᠬᠡᠲᠦ᠋ᠢᠳᠦᠭᠰᠡᠨ ᠡᠷᠳᠡᠮ ᠮᠡᠳᠡᠯᠭᠡ ᠲᠠᠢ ᠬᠡᠦᠬᠡᠨ ᠪᠠᠶᠢᠵᠤ᠂ ᠴᠢ ᠯᠦ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠴᠦᠩᠴᠢᠩ ᠤᠨ ᠨᠡᠶᠢᠭᠡᠮ ᠤᠨ ᠬᠡᠷᠡᠭ ᠡᠷᠬᠢᠯᠡᠬᠦ ᠬᠡᠯᠲᠡᠰ ᠲᠤ ᠲᠤᠰᠢᠶᠠᠯ ᠬᠠᠷᠢᠭᠤᠴᠠᠵᠤ᠂ ᠨᠢᠭᠡ ᠤᠳᠠᠭᠠᠨ ᠤ ᠳᠠᠶᠢᠯᠠᠯᠭ᠎ᠠ ᠳᠡᠭᠡᠷ᠎ᠡ ᠭᠦᠯᠢᠺ ᠲᠠᠢ ᠲᠠᠨᠢᠯᠴᠠᠵᠠᠢ᠂ ᠲᠡᠷᠡ ᠳᠤᠮᠳᠠᠳᠤ ᠤᠯᠤᠰ ᠤᠨ ᠡᠷᠲᠡᠨ ᠤ ᠰᠣᠶᠣᠯ ᠢ ᠰᠠᠶᠢᠨ ᠮᠡᠳᠡᠳᠡᠭ᠂ ᠡᠷᠲᠡᠨ ᠤ ᠶᠠᠲᠤᠭ᠎ᠠ᠂ ᠤᠷᠠᠨ ᠪᠢᠴᠢᠯᠭᠡ ᠳᠤ ᠠᠪᠢᠶᠠᠰ ᠲᠠᠢ ᠪᠥᠭᠡᠳ ᠴᠠᠶᠢᠯᠭᠠᠨ ᠰᠡᠳᠬᠢᠯ ᠲᠠᠢ ᠡᠨᠡ ᠬᠦ ᠭᠠᠳᠠᠭᠠᠳᠤ ᠶᠢᠨ ᠵᠠᠯᠠᠭᠤ ᠳᠤ ᠮᠠᠰᠢ ᠰᠠᠶᠢᠨ ᠲᠦᠷᠦᠭᠳᠡᠯ ᠲᠠᠢ ᠪᠤᠯᠤᠭᠠᠳ᠂ ᠬᠤᠶᠠᠭᠤᠯᠠ ᠮᠠᠰᠢ ᠲᠦᠷᠭᠡᠨ ᠢᠶᠠᠷ ᠬᠠᠶᠢᠷ᠎ᠠ ᠶᠢᠨ ᠳᠠᠯᠠᠢ ᠳᠤ ᠱᠤᠮᠪᠠᠨ ᠠᠵᠠ ᠵᠢᠷᠭᠠᠯᠲᠠᠢ ᠪᠠᠷ ᠠᠶᠢᠯ ᠭᠡᠷ ᠪᠤᠯᠤᠭᠰᠠᠨ ᠪᠠᠶᠢᠨ᠎ᠠ᠃     ᠭᠦᠯᠢᠺ ᠬᠡᠯᠡᠬᠦ ᠳᠤ ᠪᠠᠨ᠄ ︽ᠪᠢ ᠬᠡᠳᠦ᠋ᠢᠪᠡᠷ ᠺᠠᠶᠢᠷᠤ᠋ ᠪᠣᠯᠤᠨ ᠠᠯᠧᠺᠰᠠᠨᠳᠠᠷ ᠭᠠᠷᠠᠮ ᠳᠤ ᠳᠤᠷ᠎ᠠ ᠶᠢ ᠪᠤᠯᠢᠶᠠᠮ᠎ᠠ ᠥᠷᠥᠨᠡᠳᠠᠬᠢᠨ ᠤ ᠰᠠᠶᠢᠬᠠᠨ ᠥᠬᠢᠨ ᠲᠠᠢ ᠲᠠᠭᠠᠷᠠᠯᠳᠤᠵᠦ ᠥᠩᠭᠡᠷᠡᠭᠰᠡᠨ ᠪᠣᠯᠪᠠᠴᠤ᠂ ᠨᠠᠳᠠ ᠳᠤ ᠥᠷᠥᠨᠡᠳᠠᠬᠢᠨ ᠤ ᠠᠪᠠᠭᠠᠢ ᠲᠠᠢ ᠭᠡᠷᠯᠡᠵᠦ ᠡᠭᠦᠷᠢᠳᠡ ᠵᠣᠯ ᠵᠢᠷᠭᠠᠯ ᠲᠠᠢ ᠪᠠᠶᠢᠬᠤ ᠪᠣᠯᠤᠯᠴᠠᠭ᠎ᠠ ᠮᠠᠰᠢ ᠪᠠᠭ᠎ᠠ ᠪᠠᠶᠢᠭᠰᠠᠨ ᠭᠡᠳᠡᠭ ᠢ ᠪᠢ ᠥᠪᠡᠷ ᠲᠤ ᠪᠠᠨ ᠮᠡᠳᠡᠳᠡᠭ ᠪᠠᠶᠢᠭᠰᠠᠨ᠂ ᠨᠠᠳᠠ ᠳᠤ ᠠᠪᠤᠭᠠᠳ ᠬᠡᠯᠡᠪᠡᠯ᠂ ᠬᠠᠮᠲᠤ ᠶᠢᠨ ᠵᠢᠷᠭᠠᠯ ᠢᠶᠠᠨ ᠴᠤᠭᠴᠠᠯᠠᠬᠤ ᠬᠠᠮᠤᠭ ᠤᠨ ᠶᠡᠭᠡ ᠪᠣᠯᠤᠯᠴᠠᠭ᠎ᠠ ᠲᠠᠢ ᠬᠦᠮᠦᠨ ᠭᠡᠪᠡᠯ ᠠᠽᠢᠶ᠎ᠠ ᠲᠢᠪ ᠤᠨ ᠨᠢᠭᠡᠨ ᠡᠮᠡᠭᠲᠡᠶ᠂ ᠢᠯᠠᠩᠭᠤᠶ᠎ᠠ ᠲᠡᠭᠦᠨ ᠤ ᠲᠤᠲᠤᠷ᠎ᠠ ᠠᠴᠠ ᠳᠤᠮᠳᠠᠳᠤ ᠤᠯᠤᠰ ᠤᠨ ᠨᠢᠭᠡᠨ ᠡᠮᠡᠭᠲᠡᠶ ᠪᠠᠶᠢᠬᠤ ᠨᠢ ᠬᠠᠮᠤᠭ ᠠᠴᠠ ᠶᠡᠭᠡ ᠪᠤᠯᠤᠯᠴᠠᠭ᠎ᠠ ᠲᠠᠢ ᠪᠠᠶᠢᠪᠠ︾ ᠭᠡᠵᠡᠶ᠃ ᠶᠠᠭ ᠭᠦᠯᠢᠺ ᠤᠨ ᠬᠡᠯᠡᠭᠰᠡᠨ ᠰᠢᠭ ᠢᠶᠠᠷ᠂ ᠲᠡᠳᠡ ᠬᠤᠶᠠᠭᠤᠯᠠ ᠨᠠᠰᠤᠨ ᠲᠤᠷᠰᠢᠳᠠ ᠪᠠᠨ ᠲᠤᠳᠤᠨᠤ ᠠᠮᠠᠷᠠᠭ ᠪᠤᠯᠵᠤ᠂ ᠭᠤᠷᠪᠠᠨ ᠬᠦᠦ ᠨᠢᠭᠡ ᠥᠬᠢᠨ ᠲᠠᠢ ᠪᠣᠯᠵᠤ᠂ ᠵᠣᠯ ᠵᠢᠷᠭᠠᠯᠲᠤ ᠤᠷᠤᠭ ᠤᠨ ᠠᠮᠢᠳᠤᠷᠠᠯ ᠳᠤᠮᠳᠠ ᠳᠤᠮᠳᠠᠳᠤ ᠤᠯᠤᠰ ᠤᠨ ᠬᠦᠷᠭᠡᠨ ᠪᠣᠯᠤᠭᠰᠠᠨ ᠭᠦᠯᠢᠺ ᠴᠤ ᠤᠯᠠᠮ ᠠᠴᠠ ᠤᠯᠠᠮ ᠡᠨᠡ ᠤᠯᠤᠰ ᠲᠤ  ᠠᠭᠤᠰᠤᠯᠴᠠᠨ ᠣᠷᠣᠵᠠᠶ᠃
 5.jpg   
     ▲ᠭᠦᠯᠢᠺ ᠱᠦᠢ ᠱᠤ᠋ ᠹᠠᠩ ᠬᠤᠶᠠᠷ ᠤᠨ ᠳᠤᠮᠳᠠᠳᠤ ᠮᠠᠶ᠋ᠢᠭ ᠤᠨ ᠬᠤᠪᠴᠠᠰᠤ ᠵᠠᠰᠠᠯ ᠲᠠᠢ ᠬᠠᠮᠲᠤ ᠶᠢᠨ ᠰᠡᠭᠦᠳᠡᠷ᠃
6.jpg
      ▲ ᠭᠦᠯᠢᠺ ᠱᠦᠢ ᠱᠤ᠋ ᠹᠠᠩ ᠪᠣᠯᠣᠨ ᠳᠥᠷᠪᠡᠨ ᠬᠡᠦᠬᠡᠳ ᠲᠠᠢ ᠪᠠᠨ ᠪᠠᠶᠢᠭ᠎ᠠ ᠬᠠᠮᠲᠤ ᠶᠢᠨ ᠰᠡᠭᠦᠳᠡᠷ᠃      ᠶᠠᠮᠠᠷ ᠨᠢᠭᠡᠨ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠬᠤᠯᠠᠨᠳ᠋ ᠤᠨ ᠠᠷᠠᠳ ᠲᠦᠮᠡᠨ ᠤ ᠳᠤᠮᠳᠠᠳᠤ ᠤᠯᠤᠰ ᠤᠨ ᠲᠤᠬᠠᠶ ᠣᠶᠢᠯᠠᠭᠠᠯᠲᠠ ᠨᠢ ᠭᠦᠯᠢᠺ ᠤᠨ ᠳᠤᠮᠳᠠᠳᠤ ᠤᠯᠤᠰ ᠤᠨ ᠰᠣᠶᠣᠯ ᠪᠠ ᠵᠣᠬᠢᠶᠠᠯ ᠪᠦᠲᠦᠭᠡᠯ ᠢ ᠶᠡᠭᠡ ᠪᠠᠷ ᠤᠬᠠᠭᠤᠯᠤᠭᠰᠠᠨ ᠠᠴᠠ ᠪᠣᠯᠤᠭᠰᠠᠨ ᠶᠤᠮ᠃ ᠲᠡᠷᠡ ᠪᠣᠯ ᠬᠢᠲᠠᠳ ᠰᠤᠳᠤᠯᠤᠯ ᠤᠨ ᠭᠠᠷᠮᠠᠭᠠᠶ ᠡᠷᠳᠡᠮᠲᠡᠨ ᠪᠥᠭᠡᠳ ᠳᠤᠮᠳᠠᠳᠤ ᠤᠯᠤᠰ ᠤᠨ ︽ᠰᠠᠶᠢᠨ ᠬᠦᠷᠭᠡᠨ︾ ᠶᠤᠮ᠃ ᠲᠡᠭᠦᠨ ᠤ ᠠᠮᠵᠢᠯᠲᠠ ᠪᠥᠲᠦᠭᠡᠯ ᠨᠢ ᠳᠤᠮᠳᠠᠳᠤ ᠤᠯᠤᠰ ᠤᠨ ᠶᠠᠲᠤᠭ᠎ᠠ ᠶᠢᠨ ᠡᠭᠦᠰᠦᠯ ᠢ ᠰᠤᠳᠤᠯᠬᠤ ᠪᠠ ︽ᠶᠡᠭᠡ ᠲᠠᠩ ᠳ᠋ᠢ ᠶᠢᠨ ᠠᠯᠪᠠᠨ ᠬᠡᠷᠡᠭ︾ ᠢ ᠤᠷᠴᠢᠭᠤᠯᠬᠤ ᠪᠠ ᠵᠣᠬᠢᠶᠠᠨ ᠪᠦᠲᠦᠭᠡᠬᠦ ᠲᠡᠳᠦᠢ ᠳᠤ ᠦᠭᠡᠢ᠂ ᠲᠡᠭᠦᠨ ᠤ ᠬᠡᠪᠯᠡᠭᠦᠯᠦᠭᠰᠡᠨ ︽ᠳᠤᠮᠳᠠᠳᠤ ᠤᠯᠤᠰ ᠤᠨ ᠡᠷᠲᠡᠨ ᠤ ᠬᠤᠷᠢᠴᠠᠯ ᠤᠨ ᠠᠮᠢᠳᠤᠷᠠᠯ︾ ︵Sexual Life in Ancient China᠂ 1961︶ ᠵᠡᠷᠭᠡ ᠨᠣᠮ ᠨᠢ ᠰᠢᠨᠵᠢᠯᠡᠬᠦ ᠤᠬᠠᠭᠠᠨ ᠤ ᠲᠠᠯ᠎ᠠ ᠠᠴᠠ ᠳᠤᠮᠳᠠᠳᠤ ᠤᠯᠤᠰ ᠤᠨ ᠡᠷᠲᠡᠨ ᠤ ᠠᠬᠤᠶ ᠪᠠᠶᠢᠳᠠᠯ ᠤᠨ ᠳᠣᠣᠷ᠎ᠠ᠂ ᠳᠤᠮᠳᠠᠳᠤ ᠤᠯᠤᠰ ᠤᠨ ᠬᠤᠷᠢᠴᠠᠯ ᠤᠨ ᠣᠶᠢᠯᠠᠭᠠᠭᠳᠠᠬᠤᠨ ᠤ ᠬᠤᠪᠢᠰᠤᠯᠲᠠ ᠪᠠ ᠬᠥᠭᠵᠢᠯᠲᠡ ᠵᠢᠴᠢ ᠬᠤᠷᠢᠴᠠᠯ ᠤᠨ ᠣᠶᠢᠯᠠᠭᠠᠭᠳᠠᠬᠤᠨ ᠤ ᠨᠡᠶᠢᠭᠡᠮ ᠤᠨ ᠵᠠᠩ ᠦᠢᠯᠡ ᠳᠤ ᠦᠵᠡᠭᠦᠯᠦᠭᠰᠡᠨ ᠭᠦᠨ ᠭᠦᠨᠵᠡᠭᠡᠶ ᠨᠥᠯᠥᠭᠡ ᠶᠢ ᠰᠤᠳᠤᠯᠤᠨ ᠰᠢᠨᠵᠢᠯᠡᠭᠰᠡᠨ ᠳᠤ ᠪᠠᠶᠢᠬᠤ ᠶᠤᠮ᠃ ᠲᠡᠷᠡ ᠪᠠᠷ ᠮᠥᠨ ᠳᠣᠷᠣᠨᠠᠳᠠᠬᠢᠨ ᠤ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ ᠭᠠᠷᠮᠠᠭᠠᠶ ᠬᠠᠳᠠᠭᠠᠯᠠᠭᠴᠢ ᠪᠥᠭᠡᠳ ᠳᠤᠮᠳᠠᠳᠤ ᠤᠯᠤᠰ ᠤᠨ ᠬᠤᠵᠢᠭᠤ ᠲᠢᠭᠲᠦ ᠰᠢᠯᠦᠭ ᠤᠨ ᠰᠢᠯᠭᠠᠷᠠᠭᠰᠠᠨ ᠰᠢᠯᠦᠭᠴᠢ ᠶᠤᠮ᠃      ᠭᠦᠯᠢᠺ ᠥᠪᠡᠷ ᠤᠨ ᠨᠢᠭᠡ ᠨᠠᠰᠤ ᠪᠠᠨ ᠳᠤᠮᠳᠠᠳᠤ ᠤᠯᠤᠰ ᠤᠨ ᠰᠣᠶᠣᠯ ᠳᠤ ᠰᠤᠭᠲᠤᠭᠤᠷᠤᠭᠰᠠᠨ ᠰᠡᠳᠬᠢᠯᠭᠡ ᠪᠠᠨ ᠦᠢᠯᠡᠳᠦᠯᠭᠡᠵᠢᠭᠦᠯᠦᠭᠰᠡᠨ ᠰᠢᠭ ᠢᠶᠠᠷ ᠥᠩᠭᠡᠷᠡᠭᠡᠵᠦ᠂ ᠲᠡᠷᠡ ᠪᠠᠰᠠ ᠳᠤᠮᠳᠠᠳᠤ ᠤᠯᠤᠰ ᠤᠨ ᠤᠷᠳᠦ ᠮᠥᠴᠢᠲᠦ ᠪᠡᠴᠢᠨ ᠢ ᠰᠤᠳᠤᠯᠵᠤ᠂ ︽ᠳᠤᠮᠳᠠᠳᠤ ᠤᠯᠤᠰ ᠤᠨ ᠣᠷᠳᠣ ᠮᠥᠴᠢᠲᠦ ᠪᠡᠴᠢᠨ ᠤ ᠰᠢᠨᠵᠢᠯᠡᠯ︾ ︵The Gibbon in China᠂ 1965︶ ᠤᠨ ᠣᠷᠣᠰᠢᠯ ᠳᠤ᠄ ︽ᠣᠷᠳᠣ ᠮᠥᠴᠢᠲᠦ ᠪᠡᠴᠢᠨ ᠢ ᠡᠷᠲᠡᠨ ᠠᠴᠠ ᠠᠪᠤᠭᠠᠳ ᠬᠥᠮᠦᠨ ᠲᠥᠷᠥᠯᠬᠢᠲᠡᠨ ᠬᠢᠭᠡᠳ ᠡᠬᠡ ᠪᠠᠶᠢᠭᠠᠯᠢ ᠶᠢᠨ ᠬᠤᠭᠤᠷᠣᠨᠳᠣᠬᠢ ᠨᠢᠭᠤᠴᠠᠭᠠᠶ ᠭᠤᠭᠴᠤᠭ᠎ᠠ ᠭᠡᠵᠦ ᠦᠵᠡᠵᠦ᠂ ᠣᠯᠠᠨ ᠵᠠᠭᠤᠨ ᠤ ᠲᠤᠷᠰᠢ᠂ ᠳᠤᠮᠳᠠᠳᠤ ᠤᠯᠤᠰ ᠤᠨ ᠤᠳᠬ᠎ᠠ ᠵᠣᠬᠢᠶᠠᠯ ᠪᠠ ᠤᠷᠠᠨ ᠵᠢᠷᠤᠭ ᠤᠨ ᠤᠷᠠᠯᠢᠭ ᠲᠡᠭᠦᠨ ᠢ ᠠᠬᠢᠨ ᠳᠠᠬᠢᠨ ᠲᠡᠮᠳᠡᠭᠯᠡᠵᠦ ᠦᠯᠡᠳᠡᠭᠡᠭᠰᠡᠨ ᠶᠤᠮ︾ ᠭᠡᠵᠦ ᠥᠪᠡᠷ ᠤᠨ ᠰᠤᠳᠤᠯᠭᠠᠨ ᠤ ᠠᠩᠬᠠᠨ ᠤ ᠵᠣᠷᠢᠯᠲᠠ ᠪᠠᠨ ᠳᠤᠷᠠᠳᠴᠤ᠂ ᠡᠭᠦᠨ ᠤ ᠲᠥᠯᠥᠭᠡ ᠲᠡᠷᠡ ᠪᠠᠰᠠ ᠲᠤᠰᠬᠠᠶᠢᠯᠠᠨ ᠨᠢᠭᠡᠨ ᠣᠷᠳᠣ ᠮᠥᠴᠢᠲᠦ ᠪᠡᠴᠢᠨ ᠢ ᠲᠡᠵᠢᠭᠡᠵᠦ᠂ ᠶᠢᠨ ᠺᠠᠨ ᠭᠡᠰᠡᠨ ᠨᠡᠷ᠎ᠡ ᠥᠭᠴᠡᠶ᠃ ᠲᠡᠷᠡ ᠤᠷᠤᠬ ᠭᠡᠷ ᠪᠦᠯᠢ ᠶᠢᠨ ᠲᠤᠬᠠᠶ ᠨᠠᠶᠢᠵᠠ ᠳᠤ ᠪᠠᠨ᠄ ︽ᠪᠢ ᠱᠢ ᠹᠠᠩ ᠲᠠᠢ ᠤᠷᠤᠬ ᠪᠠᠷᠢᠯᠳᠤᠭᠰᠠᠨ ᠨᠢ ᠬᠠᠶᠢᠷ᠎ᠠ ᠶᠢᠨ ᠳᠠᠯᠠᠢ ᠳᠤ ᠱᠤᠩᠪᠤᠭᠠᠳ ᠲᠡᠭᠦᠨ ᠢ ᠬᠠᠶᠢᠷᠠᠯᠠᠭᠰᠠᠨ ᠠᠴᠠ ᠭᠠᠳᠠᠨ᠎ᠠ ᠪᠠᠰᠠ ᠮᠢᠨᠦ ᠪᠤᠳᠤᠬᠤ ᠪᠠᠷ᠂ ᠬᠡᠷᠪᠡ ᠳᠣᠷᠣᠨᠠᠳᠠᠬᠢᠨ ᠤ ᠬᠥᠮᠦᠰ ᠤᠨ ᠤᠢ ᠪᠢᠯᠢᠭ ᠢ ᠮᠠᠨ ᠤ ᠥᠷᠥᠨᠡᠳᠠᠬᠢᠨ ᠤ ᠪᠣᠯᠪᠠᠰᠤᠨ ᠲᠠᠢ ᠤᠶᠠᠯᠳᠤᠭᠤᠯᠪᠠᠯ ᠨᠢᠭᠡ ᠵᠦᠢᠯ ᠤᠨ ᠣᠨᠴᠠᠭᠠᠶ ᠶᠠᠭᠤᠮ᠎ᠠ ᠪᠤᠯᠵᠤ ᠪᠦᠷᠢᠯᠳᠦᠬᠦ ᠶᠤᠮᠰᠠᠨ ᠭᠡᠵᠦ ᠪᠣᠳᠣᠳᠠᠭ ᠶᠤᠮ︾ ᠭᠡᠵᠦ ᠬᠡᠯᠡᠵᠦ ᠪᠠᠶᠢᠵᠠᠢ᠃
7.jpg
     ▲ᠭᠦᠯᠢᠺ ᠪᠠ ᠤᠷᠲᠤ ᠮᠥᠴᠢᠲᠦ ᠪᠡᠴᠢᠨ ᠶᠢᠨ ᠺᠠᠨ ︵ᠵᠢᠷᠤᠭ ᠤᠨ ᠢᠷᠡᠯᠲᠡ᠄ ᠫᠧᠩ ᠫᠠᠢ ᠰᠣᠨᠢᠨ ᠮᠡᠳᠡᠭᠡ︶     1967 ᠣᠨ ᠳᠤ᠂ ᠭᠦᠯᠢᠺ ᠬᠤᠯᠠᠨᠳ᠋ ᠤᠨ ᠾᠸᠢᠢᠭ᠋ ᠲᠤ ᠡᠪᠡᠳᠴᠢᠨ ᠢᠶᠠᠷ ᠨᠠᠰᠤ ᠪᠠᠷᠠᠪᠠ᠃ ᠳᠤᠮᠳᠠᠳᠤ ᠤᠯᠤᠰ ᠲᠤ ᠰᠠᠭᠤᠭ᠎ᠠ ᠬᠤᠯᠠᠨᠳ᠋ ᠤᠨ ᠤᠤᠯ ᠤᠨ ᠡᠯᠴᠢᠨ ᠰᠠᠶᠢᠳ ᠶᠠᠩ ᠯᠧ ᠯᠠᠨ ᠲᠡᠭᠦᠨ ᠢ ᠦᠨᠡᠯᠡᠬᠦ ᠳᠤ ᠪᠠᠨ᠄ ︽ᠪᠢ ᠭᠦᠯᠢᠺ ᠤᠨ ᠨᠢᠭᠡ ᠨᠠᠰᠤ ᠶᠢ ᠨᠢᠭᠡ ᠬᠤᠨ ᠭᠠᠯᠠᠭᠤ ᠪᠠᠷ ᠵᠦᠢᠷᠯᠡᠶ᠎ᠡ ᠭᠡᠵᠦ ᠪᠣᠳᠣᠵᠤ ᠪᠠᠶᠢᠨ᠎ᠠ᠃ ᠭᠤᠣᠯ ᠮᠥᠷᠡᠨ᠂ ᠥᠨᠳᠥᠷ ᠠᠭᠤᠯᠠ᠂ ᠬᠤᠲᠠ ᠪᠠᠯᠭᠠᠰᠤ ᠪᠠ ᠶᠡᠭᠡ ᠳᠠᠯᠠᠢ ᠪᠠᠷ ᠠᠶᠠᠯᠠᠬᠤ ᠳᠤ ᠪᠠᠨ ᠲᠡᠷᠡ ᠳᠡᠯᠡᠬᠡᠶ ᠶᠢᠨ ᠡᠯ᠎ᠡ ᠭᠠᠵᠠᠷ ᠲᠤ ᠥᠪᠡᠷ ᠤᠨ ᠤᠷᠠᠨ ᠪᠢᠴᠢᠯᠭᠡ ᠶᠢᠨ ᠪᠦᠲᠦᠭᠡᠯ᠂ ᠲᠠᠮᠠᠭ᠎ᠠ᠂ ᠰᠢᠯᠦᠭ ᠳᠠᠭᠤᠯᠠᠯ᠂ ᠦᠯᠢᠭᠡᠷ ᠤᠨ ᠵᠣᠬᠢᠶᠠᠯ ᠪᠠ ᠳᠠᠭᠤᠤ ᠬᠥᠭᠵᠢᠮ᠂ ᠲᠡᠦᠬᠡ ᠪᠠ ᠰᠣᠶᠣᠯ ᠤᠨ ᠲᠤᠬᠠᠶ ᠡᠷᠳᠡᠮ ᠰᠢᠨᠵᠢᠯᠡᠭᠡᠨ ᠤ ᠨᠡᠷᠡᠲᠦ ᠪᠦᠲᠦᠭᠡᠯ ᠤᠨ ᠬᠡᠯᠪᠡᠷᠢ ᠪᠠᠷ ᠤᠯᠠ ᠮᠥᠷ ᠢᠶᠠᠨ ᠦᠯᠡᠳᠡᠭᠡᠭᠰᠡᠨ ᠪᠠᠶᠢᠨ᠎ᠠ ᠁ ᠳᠡᠯᠡᠬᠡᠶ ᠳ᠋ᠠᠬᠢᠨ ᠪᠠᠰᠠ ᠭᠦᠯᠢᠺ ᠤᠨ ᠦᠯᠡᠳᠡᠭᠡᠭᠰᠡᠨ ᠤᠯᠠᠨ ᠵᠦᠢᠯ ᠤᠨ ᠰᠤᠶᠤᠯ ᠤᠨ ᠥᠪ ᠤᠨ ︿ᠤᠯᠠ ᠮᠥᠷ﹀ ᠢ ᠤᠷᠳᠤ ᠬᠤᠭᠤᠴᠠᠭ᠎ᠠ ᠪᠠᠷ ᠨᠠᠨᠳᠢᠩᠨᠠᠨ ᠬᠠᠳᠠᠭᠠᠯᠠᠬᠤ ᠨᠢ ᠯᠠᠪᠲᠠᠶ ᠶᠤᠮ᠃ ᠤᠴᠢᠷ ᠨᠢ ᠲᠡᠷᠡ ᠬᠦ ᠦᠡᠭᠭᠡᠨ ᠲᠠᠯ᠎ᠠ ᠶᠢᠨ ᠤᠯᠠᠨ ᠶᠠᠩᠵᠤᠴᠢᠯᠠᠯᠳᠡ ᠨᠢ ᠦᠨᠡᠨ ᠳᠤ ᠪᠠᠨ ᠳᠡᠯᠡᠬᠡᠶ ᠶᠢᠨ ᠬᠠᠮᠤᠭ ᠤᠨ ᠡᠷᠲᠡᠨ ᠤ ᠪᠠ ᠬᠠᠮᠤᠭ ᠤᠨ ᠪᠠᠶᠠᠯᠢᠭ ᠰᠣᠶᠣᠯ ᠤᠨ ᠨᠢᠭᠡ ᠪᠣᠯᠬᠤ ᠳᠤᠮᠳᠠᠳᠤ ᠤᠯᠤᠰ ᠤᠨ ᠰᠣᠶᠣᠯ ᠢ ᠲᠦᠢᠯ ᠤᠨ ᠲᠥᠪᠯᠡᠷᠡᠩᠭᠦᠶ ᠪᠠᠷ ᠲᠤᠰᠬᠠᠭᠰᠠᠨ ᠳᠤ ᠣᠷᠣᠰᠢᠨ᠎ᠠ︾ ᠭᠡᠵᠡᠢ᠃      ᠭᠦᠯᠢᠺ ᠬᠠᠷᠠᠬᠠᠨ ᠪᠠᠭ᠎ᠠ ᠠᠴᠠ ᠪᠠᠨ ᠳᠤᠮᠳᠠᠳᠤ ᠤᠯᠤᠰ ᠲᠠᠢ ᠭᠠᠶᠢᠬᠠᠮᠰᠢᠭᠲᠤ ᠬᠤᠪᠢ ᠪᠠᠷᠢᠯᠳᠤᠯᠭ᠎ᠠ ᠲᠠᠢ ᠬᠦᠮᠦᠨ ᠶᠤᠮ᠃ ᠲᠡᠭᠦᠨ ᠤ ᠳᠤᠮᠳᠠᠳᠤ ᠤᠯᠤᠰ ᠤᠨ ᠰᠣᠶᠣᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠳᠠᠭ ᠶᠠᠪᠤᠳᠠᠯ ᠨᠢ ᠲᠡᠭᠦᠨ ᠤ ᠨᠢᠭᠡ ᠨᠠᠰᠤᠨ ᠳᠤ ᠲᠤᠭᠤᠰᠢᠯᠠᠭᠳᠠᠵᠤ ᠪᠠᠶᠢᠳᠠᠭ᠃ ᠲᠡᠭᠦᠨ ᠤ ᠠᠪᠠᠭ᠋ᠠᠢ ᠱᠦᠢ ᠱᠢ ᠹᠠᠩ ᠡᠷ᠎ᠡ ᠨᠥᠬᠦᠷ ᠤᠨ ᠢᠶᠠᠨ ᠲᠤᠬᠠᠢ ᠶᠠᠷᠢᠬᠤ ᠳᠤ ᠪᠠᠨ᠄ ︽ᠲᠡᠷᠡ ᠭᠠᠳᠠᠭᠠᠳᠤ ᠶᠢᠨ ᠬᠥᠮᠦᠨ ᠪᠢᠰᠢ᠂ ᠪᠢᠳᠠ ᠲᠠᠨᠢᠯᠴᠠᠬᠤ ᠠᠴᠠ ᠡᠬᠢᠯᠡᠭᠡᠳ ᠲᠡᠭᠦᠨ ᠢ ᠨᠠᠰᠤ ᠪᠠᠷᠠᠬᠤ ᠬᠦᠷᠲᠡᠯ᠎ᠡ ᠲᠡᠷᠡ ᠮᠠᠨᠢ ᠦᠰᠦᠭ ᠪᠣᠯᠪᠠᠰᠤᠷᠠᠬᠤ ᠪᠠᠨ ᠨᠢᠭᠡ ᠴᠦ ᠡᠳᠦᠷ ᠲᠠᠰᠤᠯᠳᠠᠭᠤᠯᠤᠭ᠎ᠠ ᠦᠭᠡᠢ᠂ ᠲᠡᠷᠡ ᠶᠤᠸᠠᠨ ᠵᠦᠩ ᠤᠨ ᠪᠤᠷᠳᠤᠭᠰᠠᠨ ᠭᠡᠳᠡᠰᠦ ᠶᠢ ᠢᠳᠡᠬᠦ ᠬᠠᠮᠤᠭ ᠠᠴᠠ ᠳᠤᠷᠠᠲᠠᠢ᠂ ᠰᠧᠴᠤᠸᠠᠨ ᠤ ᠨᠣᠭᠤᠭ᠎ᠠ ᠳᠤ ᠪᠠᠰᠠ ᠳᠤᠷᠠᠲᠠᠢ᠂ ᠲᠡᠷᠡ ᠪᠣᠯ ᠵᠢᠩᠬᠢᠨᠢ ᠨᠢᠭᠡ ᠳᠤᠮᠳᠠᠳᠤ ᠶᠢᠨ ᠬᠥᠮᠦᠨ ᠶᠤᠮ︾ ᠭᠡᠵᠦ ᠥᠴᠦᠬᠡᠨ ᠴᠦ ᠲᠠᠲᠠᠭᠠᠯᠵᠠᠯ ᠦᠭᠡᠢ ᠪᠠᠷ ᠶᠠᠷᠢᠵᠤ ᠪᠠᠢᠪᠠ᠃      ︵ᠲᠤᠰ ᠵᠣᠬᠢᠶᠠᠯ ᠨᠢ ᠵᠣᠬᠢᠶᠠᠭᠴᠢ ᠶᠢᠨ ᠬᠤᠪᠢ ᠬᠥᠮᠦᠨ ᠤ ᠦᠵᠡᠯᠲᠡ ᠶᠢ ᠯᠡ ᠲᠥᠯᠥᠭᠡᠯᠡᠨ᠎ᠡ᠂ ᠲᠠᠪᠴᠠᠩ ᠤᠨ ᠵᠣᠭᠰᠣᠯᠲᠠ ᠶᠢ ᠲᠥᠯᠦᠭᠡᠯᠡᠬᠦ ᠦᠭᠡᠢ᠃︶      ᠯᠠᠪᠯᠠᠯᠲᠠ ᠪᠣᠯᠭᠠᠭᠰᠠᠨ ᠰᠤᠷᠪᠤᠯᠵᠢ ᠪᠢᠴᠢᠭ᠄      ﹇1﹈ ︵ᠬᠤᠯᠠᠨᠳ᠋︶ C.D. ᠪᠠᠺᠮᠠᠨ᠂ H. ᠳ᠋ᠤᠹᠯᠢᠰ ᠵᠣᠬᠢᠶᠠᠵᠤ᠂ ᠱᠢ ᠬᠤᠢ ᠶᠧ ᠣᠷᠴᠢᠭᠤᠯᠤᠭᠰᠠᠨ᠄ ︽ᠬᠢᠲᠠᠳ ᠰᠤᠳᠤᠯᠤᠯ ᠤᠨ ᠶᠡᠭᠡ ᠡᠷᠳᠡᠮᠲᠡᠨ ᠭᠦᠯᠢᠺ ᠤᠨ ᠨᠠᠮᠲᠠᠷ︾᠃ ᠬᠠᠶᠢᠺᠸᠤ᠂ ᠬᠠᠶᠢᠨᠠᠨ ᠤ ᠬᠡᠪᠯᠡᠯ ᠤᠨ ᠬᠤᠷᠢᠶ᠎ᠠ᠂ 2011.03 ᠳ᠋ᠤᠭᠠᠷ ᠨᠢᠭᠤᠷ᠃      ﹇2﹈ ᠵᠠᠩ ᠫᠢᠩ ᠤᠨ ᠨᠠᠶᠢᠷᠠᠭᠤᠯᠤᠭᠰᠠᠨ᠄ ︽ᠭᠦᠯᠢᠺ — ᠳᠤᠮᠳᠠᠳᠤ ᠥᠷᠥᠨᠡᠳᠠᠬᠢᠨ ᠤ ᠰᠣᠶᠣᠯ ᠢ ᠨᠡᠪᠲᠡᠷᠡᠭᠦᠯᠦᠭᠰᠡᠨ ᠡᠯᠴᠢ︾᠃ ᠪᠡᠭᠡᠵᠢᠩ᠄ ᠵᠦᠩᠬᠤᠸᠠ ᠨᠣᠮ ᠤᠨ ᠲᠣᠪᠴᠢᠶ᠎ᠠ᠄ 2010.08      ﹇3﹈ ︵ᠬᠤᠯᠠᠨᠳ᠋︶ ᠢᠸᠢᠳ᠋ ︵Wilt Idema︶ ᠵᠣᠬᠢᠶᠠᠵᠤ᠂ ᠲᠠᠨ ᠵᠢᠩ ᠣᠷᠴᠢᠭᠤᠯᠤᠭᠰᠠᠨ᠄ ︽ᠭᠦᠯᠢᠺ ᠬᠢᠭᠡᠳ ᠳ᠋ᠢ ᠶᠢᠨ ᠠᠯᠪᠠᠨ ᠬᠡᠷᠡᠭ ᠤᠨ ᠦᠯᠢᠭᠡᠷ ᠤᠨ ᠵᠣᠬᠢᠶᠠᠯ︾᠄ ᠬᠥᠬᠡᠮᠥ᠋ᠷᠡᠨ ᠤ ᠡᠷᠳᠡᠮ ᠰᠢᠨᠵᠢᠯᠡᠭᠡᠨ᠂ 2014.04      ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ᠄
8.jpg     
      ᠯᠦᠸᠧ ᠰᠢᠩ᠂ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠪᠣᠯᠤᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠬᠢᠲᠠᠳ ᠬᠡᠯᠡᠨ ᠤ ᠤᠯᠠᠨ ᠤᠯᠤᠰ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠪᠠᠭᠰᠢ᠂ ᠹᠷᠠᠨᠼᠢ ᠳᠤ ᠨᠢᠭᠡ ᠵᠢᠯ ᠬᠢᠲᠠᠳ ᠬᠡᠯᠡᠨ ᠤ ᠵᠢᠭᠠᠨ ᠰᠤᠷᠭᠠᠯᠲᠠ ᠬᠢᠵᠦ ᠦᠩᠭᠡᠷᠡᠪᠠ᠃          ᠣᠷᠴᠢᠭᠤᠯᠤᠭᠴᠢ᠄ ᠴᠢ᠊· ᠰᠡᠴᠡᠨ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ   
ᠢᠷᠡᠯᠲᠡ᠄ ᠲᠤᠮᠳᠠᠳᠤ ᠶᠢ ᠥᠭᠦᠯᠡᠬᠦᠢ