ᠬᠢᠩᠭᠠᠨ ᠠᠶᠢᠮᠠᠭ ᠤᠨ ᠤᠷᠤᠨ ᠪᠦᠰᠡ ᠠᠯᠤᠰᠯᠠᠭᠰᠠᠨ ᠦᠨᠳᠦᠰᠦᠳᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠬᠢᠩᠭᠠᠨ ᠳᠠᠪᠠᠭᠠᠨ ᠤ ᠠᠨᠠᠷ ᠤᠯᠠᠭᠠᠨ · ᠳᠠᠪᠤᠨ ᠰᠠᠷ᠎ᠠ ᠶᠢᠨ ᠲᠦᠷᠪᠡᠨ ᠢᠶᠠᠨ ᠤᠭᠲᠤᠵᠤ ᠪᠦᠯᠬᠦᠮᠳᠡᠯ ᠢ ᠡᠷᠬᠢᠮᠯᠡᠵᠦ᠂ ᠰᠢᠨ᠎ᠠ ᠴᠠᠭ ᠦᠶ᠎ᠠ ᠳᠤ ᠭᠠᠷ ᠢᠶᠠᠨ ᠬᠤᠯᠪᠣᠨ ᠡᠷᠡᠯᠬᠡᠭᠯᠡᠨ ᠤᠷᠤᠭᠰᠢᠯᠠᠬᠤ︾ ᠰᠤᠯᠢᠯᠴᠠᠭᠠᠨ ᠤ ᠠᠵᠢᠯᠯᠠᠭ᠎ᠠ ᠵᠢᠩᠬᠢᠨᠢ ᠪᠠᠷ ᠡᠬᠢᠯᠡᠪᠠ
ᠨᠡᠶᠢᠲᠡᠯᠡᠭᠰᠡᠨ ᠴᠠᠭ᠄
2023/5/5
      4 ᠳ᠋ᠦ᠋ᠭᠡᠷ ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠭᠰᠡᠨ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢᠶ᠎ᠠ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ᠬᠢᠩᠭᠠᠨ ᠠᠶᠢᠮᠠᠭ ᠤᠨ ᠤᠷᠤᠨ ᠪᠦᠰᠡ ᠠᠯᠤᠰᠯᠠᠭᠰᠠᠨ ᠦᠨᠳᠦᠰᠦᠳᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠬᠢᠩᠭᠠᠨ ᠳᠠᠪᠠᠭᠠᠨ ᠤ ᠠᠨᠠᠷ ᠤᠯᠠᠭᠠᠨ · ᠳᠠᠪᠤᠨ ᠰᠠᠷ᠎ᠠ ᠶᠢᠨ ᠲᠦᠷᠪᠡᠨ ᠢᠶᠠᠨ ᠤᠭᠲᠤᠵᠤ ᠪᠦᠯᠬᠦᠮᠳᠡᠯ ᠢ ᠡᠷᠬᠢᠮᠯᠡᠵᠦ᠂ ᠰᠢᠨ᠎ᠠ ᠴᠠᠭ ᠦᠶ᠎ᠠ ᠳᠤ ᠭᠠᠷ ᠢᠶᠠᠨ ᠬᠤᠯᠪᠣᠨ ᠡᠷᠡᠯᠬᠡᠭᠯᠡᠨ ᠤᠷᠤᠭᠰᠢᠯᠠᠬᠤ︾ ᠰᠣᠯᠢᠯᠴᠠᠭᠠᠨ ᠤ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠦ ᠮᠢᠨ ᠰᠤᠳᠤᠯᠤᠨ ᠰᠤᠷᠤᠯᠴᠠᠵᠤ ᠰᠣᠯᠢᠯᠴᠠᠬᠤ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠳᠤ ᠲᠤᠭ ᠭᠠᠷᠳᠠᠭᠤᠯᠵᠤ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠡᠴᠡᠨᠳᠦ᠋ᠭᠦᠷᠡᠩ ᠶᠣᠰᠣᠯᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠠ ᠵᠢᠶ ᠴᠧᠩ ᠶᠠᠷᠢᠶ᠎ᠠ ᠲᠠᠯᠪᠢᠵᠤ᠂ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠹᠠᠨ ᠶᠦᠩ ᠢ ᠪᠣᠯᠤᠨ ᠨᠠᠮ ᠤᠨ ᠬᠤᠷᠢᠶᠠᠨ ᠤ ᠳᠡᠳ᠋ ᠱᠦᠵᠢ ᠶᠦᠨ ᠶᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠲᠦᠩᠯᠢᠶᠣᠤ ᠬᠤᠲᠠ᠂ ᠭᠢᠷᠢᠨ ᠮᠤᠵᠢ ᠶᠢᠨ ᠡᠮᠦᠨᠡᠲᠦ ᠭᠤᠷᠯᠣᠰ ᠰᠢᠶᠠᠨ ᠪᠣᠯᠤᠨ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠨᠡᠶᠢᠲᠡ 160 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃ ᠲᠦᠩᠯᠢᠶᠣᠤ ᠬᠤᠲᠠ ᠶᠢᠨ ᠰᠢᠨ᠎ᠡ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠢᠷᠡᠭᠰᠡᠨ ᠺᠠᠩ ᠰᠢᠶᠤᠤ ᠡᠯ᠎ᠡ ᠭᠠᠵᠠᠷ ᠣᠷᠣᠨ ᠤ ᠵᠠᠯᠠᠭᠤᠴᠤᠳ ᠪᠠᠭᠠᠴᠤᠳ ᠢ ᠲᠥᠯᠥᠭᠡᠯᠡᠨ ᠬᠤᠷᠠᠯ ᠳᠡᠭᠡᠷ᠎ᠡ ᠣᠪᠣᠷ ᠢᠶᠠᠨ ᠢᠯᠡᠳᠬᠡᠪᠡ᠃
W020230428337921053910.jpg     
      ᠡᠬᠢᠯᠡᠯᠲᠡ ᠶᠢᠨ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠮᠠ ᠵᠢᠢ ᠴᠸᠡᠭ ᠠᠯᠤᠰ ᠬᠤᠯᠠ ᠠᠴᠠ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠢᠳᠡᠷᠡᠭᠦᠨ ᠢᠶᠠᠷ ᠦᠰᠦᠨ ᠪᠣᠶᠢᠵᠢᠬᠤ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠢᠶᠠᠨ ᠢᠯᠡᠳᠬᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠡᠨᠡ ᠤᠳᠠᠭ᠎ᠠ ᠶᠢᠨ ᠠᠵᠠ ᠲᠣᠬᠢᠶᠠᠯ ᠢ ᠬᠤᠪᠢ ᠲᠠᠬᠢᠨ ᠨᠠᠨᠳᠢᠩᠨᠠᠵᠤ᠂ ᠥᠷᠭᠡᠨ ᠳᠡᠯᠭᠡᠷ ᠢᠶᠠᠷ ᠶᠠᠪᠤᠯᠴᠠᠵᠤ᠂ ᠪᠦᠬᠦ ᠲᠠᠯ᠎ᠠ ᠪᠠᠷ ᠰᠤᠯᠢᠯᠴᠠᠨ ᠭᠦᠨᠵᠡᠭᠡᠢ ᠠᠭᠤᠰᠤᠯᠴᠠᠵᠤ᠂ ᠬᠠᠮᠲᠤ ᠪᠠᠷ ᠲᠠᠪᠰᠢᠵᠤ ᠬᠠᠮᠲᠤ ᠪᠠᠷ ᠦᠰᠦᠨ ᠪᠣᠶᠢᠵᠢᠬᠤ ᠶᠢ ᠬᠦᠰᠡᠪᠡ᠃ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢᠳ ᠬᠠᠮᠲᠤ ᠪᠠᠷ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠤᠯᠠᠨ ᠳᠤ ᠰᠣᠨᠢᠷᠬᠠᠭᠤᠯᠤᠭᠰᠠᠨ ᠤ ᠬᠠᠮᠳᠤ᠂ ᠬᠢᠩᠭᠠᠨ ᠠᠶᠢᠮᠠᠭ ᠲᠠᠬᠢ ᠥᠪᠡᠷᠮᠢᠴᠡ ᠣᠨᠴᠠᠯᠢᠭ ᠲᠠᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠶᠠᠨ ᠢᠶᠠᠨ ᠡᠬᠢᠯᠡᠭᠦᠯᠵᠡᠢ᠃ ᠵᠠᠯᠠᠶᠢᠳ ᠬᠤᠰᠢᠭᠤᠨ ᠤ ᠢᠨᠳᠡᠷ ᠤᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠪᠦᠯᠬᠦᠮ ︽ᠰᠠᠷᠠᠨᠠᠶ︾ ᠬᠡᠬᠦ ᠪᠦᠵᠢᠭᠳᠦ ᠳᠠᠭᠤᠤ ᠰᠤᠨᠢᠷᠬᠠᠭᠤᠯᠵᠤ᠂ ᠲᠦᠩᠯᠢᠶᠣᠤ ᠬᠤᠲᠠ ᠶᠢᠨ ᠰᠢᠨ᠎ᠡ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ 10 ᠬᠥᠮᠦᠨ ︽ᠵᠠᠮᠴᠢᠯᠠᠭᠴᠢ︾ ᠬᠡᠬᠦ ᠲᠤᠭᠯᠠᠯᠳᠠ ᠭᠠᠷᠭᠠᠵᠤ᠂ ᠭᠢᠷᠢᠨ ᠮᠤᠵᠢ ᠶᠢᠨ ᠡᠮᠦᠨᠡᠲᠦ ᠭᠤᠷᠯᠣᠰ ᠰᠢᠶᠠᠨ ᠤ ᠴᠠᠭᠠᠨᠬᠤᠸᠠ ᠳᠤᠮᠳᠠᠳᠤ ᠰᠤᠷᠭᠠᠭᠤᠯᠢ᠂ ᠵᠠᠯᠠᠶᠢᠳ ᠬᠤᠰᠢᠭᠤᠨ ᠤ ᠢᠨᠳᠡᠷ ᠤᠨ ᠵᠢᠷᠭᠤᠳᠤᠭᠠᠷ ᠳᠤᠮᠳᠠᠳᠤ ᠰᠤᠷᠭᠠᠭᠤᠯᠢ᠂ ᠲᠦᠩᠯᠢᠶᠣᠤ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ  ᠶᠢᠨ ᠲᠥᠯᠥᠭᠡᠯᠡᠭᠴᠢᠳ ᠤᠨ ᠪᠦᠯᠬᠦᠮ ᠤᠨ ᠬᠠᠮᠳᠤ ᠪᠠᠷ ᠬᠦᠭᠵᠢᠮᠳᠡᠭᠰᠡᠨ ︽ᠲᠦᠮᠡᠨ ᠠᠭᠳᠠ ᠶᠢᠨ ᠲᠦᠪᠡᠷᠬᠡᠨ︾᠂ ︽ᠬᠦᠳᠡᠭᠡ ᠳᠠᠯ᠎ᠠ ᠳᠤ ᠮᠥᠩᠬᠡ ᠶᠢᠨ ᠨᠡᠷᠡᠨ ᠮᠠᠨᠳᠤᠯ᠎ᠠ︾ ᠵᠡᠷᠭᠡ ᠭᠤᠶᠢᠳᠠ ᠰᠠᠶᠢᠬᠠᠨ ᠮᠤᠷᠢᠨ ᠬᠤᠭᠤᠷ ᠤᠨ ᠬᠦᠭᠵᠢᠮ ᠨᠢ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠬᠦᠯᠢᠶᠡᠪᠡ᠃ ᠰᠡᠭᠦᠯᠴᠢ ᠶᠢᠨ ᠬᠤᠶᠠᠷ ᠡᠳᠦᠷ ᠤᠨ ᠬᠤᠭᠤᠴᠠᠭᠠᠨ ᠳᠤ᠂ ᠡᠯ᠎ᠡ ᠭᠠᠵᠠᠷ ᠤᠨ ᠵᠠᠯᠠᠭᠤᠴᠤᠳ ᠪᠠᠭᠠᠴᠤᠳ ᠤᠨ ᠲᠦᠯᠦᠬᠡᠯᠡᠭᠴᠢᠳ ︽ᠭᠠᠷ ᠭᠠᠷ ᠢᠶᠠᠨ ᠬᠥᠲᠥᠯᠥᠯᠴᠡᠨ ᠬᠠᠮᠲᠤᠷᠠᠯᠴᠠᠬᠤ︾ ᠠᠵᠢᠯᠯᠠᠭ᠎ᠠ ᠪᠠᠷ ᠳᠠᠮᠵᠢᠭᠤᠯᠵᠤ᠂ ᠬᠤᠪᠢᠰᠬᠠᠯ ᠤᠨ ᠲᠡᠦᠬᠡ ᠶᠢᠨ ᠣᠷᠳᠣᠨ ᠢ ᠲᠣᠭᠤᠷᠢᠨ ᠦᠵᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠣᠶᠢᠯᠠᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠨᠢᠭᠡ ᠬᠢᠴᠢᠶᠡᠯ ᠢ ᠬᠠᠮᠲᠤ ᠪᠠᠷ ᠣᠷᠣᠵᠤ᠂ ᠰᠢᠲᠠᠷ᠎ᠠ ᠶᠢᠨ ᠤᠷᠠᠯᠢᠭ ᠤᠨ ᠰᠣᠯᠢᠯᠴᠠᠭᠠᠨ ᠤ ᠤᠷᠤᠯᠳᠤᠭᠠᠨ ᠵᠡᠷᠭᠡ ᠬᠠᠷᠢᠯᠴᠠᠨ ᠦᠢᠯᠡᠳᠦᠯᠴᠡᠬᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ᠂ ᠭᠦᠨ ᠰᠢᠭᠢᠷᠡᠬᠦ ᠮᠠᠶ᠋ᠢᠭ ᠤᠨ ᠠᠵᠢᠯᠯᠠᠭ᠎ᠠ ᠪᠤᠯᠤᠨ ᠰᠣᠯᠢᠯᠴᠠᠭ᠎ᠠ ᠰᠤᠷᠤᠯᠴᠠᠯᠭ᠎ᠠ ᠥᠷᠨᠢᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠬᠠᠮᠲᠤ ᠪᠠᠷ ᠳᠡᠭᠡᠭᠰᠢᠯᠡᠬᠦ ᠪᠣᠯᠤᠨ᠎ᠠ᠃
W020230428337921062357.jpg     
      ᠬᠢᠩᠭᠠᠨ ᠠᠶᠢᠮᠠᠭ ᠤᠨ ᠤᠷᠤᠨ ᠪᠦᠰᠡ ᠠᠯᠤᠰᠯᠠᠭᠰᠠᠨ ᠦᠨᠳᠦᠰᠦᠳᠡᠨ ᠨᠦᠭᠦᠳ ᠤᠨ ᠵᠠᠯᠠᠭᠤᠴᠤᠳ ᠪᠠᠭᠠᠴᠤᠳ ᠤᠨ ︽ᠬᠢᠩᠭᠠᠨ ᠳᠠᠪᠠᠭᠠᠨ ᠤ ᠠᠨᠠᠷ ᠤᠯᠠᠭᠠᠨ · ᠳᠠᠪᠤᠨ ᠰᠠᠷ᠎ᠠ ᠶᠢᠨ ᠲᠦᠷᠪᠡᠨ ᠢᠶᠠᠨ ᠤᠭᠲᠤᠵᠤ ᠪᠦᠯᠬᠦᠮᠳᠡᠯ ᠢ ᠡᠷᠬᠢᠮᠯᠡᠵᠦ᠂ ᠰᠢᠨ᠎ᠠ ᠴᠠᠭ ᠦᠶ᠎ᠠ ᠳᠤ ᠭᠠᠷ ᠢᠶᠠᠨ ᠬᠤᠯᠪᠣᠨ ᠡᠷᠡᠯᠬᠡᠭᠯᠡᠨ ᠤᠷᠤᠭᠰᠢᠯᠠᠬᠤ︾ ᠰᠣᠯᠢᠯᠴᠠᠭᠠᠨ ᠤ ᠠᠵᠢᠯᠯᠠᠭ᠎ᠠ ᠪᠤᠯ ᠬᠢᠩᠭᠠᠨ ᠠᠶᠢᠮᠠᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ  ᠠᠴᠠ ᠲᠤᠷᠠᠳᠤᠨ ᠭᠠᠷᠭᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ ᠨᠢᠬᠳᠠ ᠤᠶᠠᠯᠳᠤᠭᠤᠯᠵᠤ᠂ ︽ᠭᠤᠷᠪᠠᠨ ᠲᠦᠷᠦᠯ ᠤᠨ ᠲᠥᠯᠥᠪᠯᠡᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ  ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠪᠦᠬᠦ ᠲᠠᠯ᠎ᠠ ᠪᠠᠷ ᠦᠷᠬᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠰᠣᠯᠢᠯᠴᠠᠭᠠᠨ ᠤ ᠠᠵᠢᠯᠯᠠᠭ᠎ᠠ ᠨᠢ ᠬᠤᠪᠢᠰᠬᠠᠯ ᠤᠨ ᠲᠡᠦᠬᠡ ᠶᠢ ᠨᠢᠭᠡ ᠤᠳᠠᠭ᠎ᠠ ᠳᠠᠬᠢᠨ ᠡᠷᠬᠢᠴᠡᠬᠦᠯᠵᠦ᠂ ᠰᠤᠳᠤᠯᠤᠨ ᠰᠤᠷᠤᠯᠴᠠᠬᠤ ᠠᠵᠢᠯᠯᠠᠭ᠎ᠠ ᠶᠢ ᠨᠢᠬᠡ ᠤᠳᠠᠭ᠎ᠠ ᠦᠷᠬᠡᠳᠬᠡᠨ ᠦᠷᠨᠢᠬᠦᠯᠵᠦ᠂ ᠲᠠᠪᠤᠨ ᠣᠳᠣᠲᠤ ᠤᠯᠠᠭᠠᠨ ᠲᠤᠭ ᠢ ᠨᠢᠬᠡ ᠤᠳᠠᠭ᠎ᠠ ᠬᠠᠮᠲᠤ ᠪᠠᠷ ᠮᠠᠨᠳᠤᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠬᠡ ᠤᠳᠠᠭ᠎ᠠ ᠬᠠᠮᠳᠤ ᠪᠠᠷ ᠤᠷᠤᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠶᠠᠯᠠᠯ ᠢ ᠨᠢᠬᠡ ᠤᠳᠠᠭ᠎ᠠ ᠪᠡᠶᠡᠴᠢᠯᠡᠨ ᠤᠶᠢᠯᠠᠭᠠᠵᠤ᠂ ᠰᠢᠳᠠᠷ᠎ᠠ ᠶᠢᠨ ᠤᠷᠠᠯᠢᠭ ᠤᠨ ᠪᠠᠶᠠᠷ ᠴᠡᠩᠭᠡᠯ ᠢ ᠨᠢᠬᠡ ᠤᠳᠠᠭ᠎ᠠ ᠣᠶᠢᠯᠠᠭᠠᠵᠤ ︽ᠵᠢᠷᠭᠤᠭᠠᠨ ᠨᠢᠭᠡ︾ ᠶᠢᠨ ᠠᠵᠢᠯᠯᠠᠭ᠎ᠠ ᠪᠠᠷ ᠠᠴᠢᠶᠠᠯᠠᠭᠴᠢ ᠪᠤᠯᠭᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠣᠷᠣᠨ ᠪᠦᠰᠡ ᠠᠯᠤᠰᠯᠠᠭᠰᠠᠨ᠂ ᠪᠦᠬᠦ ᠲᠠᠯ᠎ᠠ᠂ ᠣᠯᠠᠨ ᠶᠠᠩᠵᠤ ᠶᠢᠨ ᠰᠣᠯᠢᠯᠴᠠᠭᠠᠨ ᠤ ᠲᠠᠪᠴᠠᠩ ᠢ ᠡᠬᠦᠳᠦᠨ ᠪᠠᠶᠢᠭᠤᠯᠵᠤ᠂ ᠠᠳᠠᠯᠢ ᠪᠤᠰᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠦᠵᠡᠰᠬᠦᠯᠡᠩᠲᠦ ᠰᠠᠶᠢᠬᠠᠨ ᠬᠢᠩᠭᠠᠨ ᠳᠤ ᠴᠤᠭᠯᠠᠷᠠᠭᠤᠯᠵᠤ᠂ ᠬᠤᠪᠢᠰᠬᠠᠯ ᠤᠨ ᠳᠤᠷᠠᠰᠤᠮᠵᠢ ᠶᠢ ᠡᠷᠢᠯᠬᠢᠯᠡᠬᠦ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠬᠠᠮᠲᠤ ᠰᠠᠭᠤᠵᠤ ᠬᠠᠮᠲᠤ ᠰᠤᠷᠤᠯᠴᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠬᠠᠮᠲᠤ ᠠᠵᠢᠯᠯᠠᠵᠤ ᠬᠠᠮᠲᠤ ᠪᠠᠷ ᠵᠢᠷᠭᠠᠬᠤ ᠶᠠᠪᠤᠴᠠ ᠳᠤ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ ᠢ ᠭᠦᠨᠵᠡᠭᠡᠶ ᠤᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠪᠠᠨ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ  ᠢᠶᠠᠨ ᠬᠠᠮᠳᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠲᠠᠢ ᠪᠤᠯᠭᠠᠪᠠ᠃          ᠣᠷᠴᠢᠭᠤᠯᠤᠭᠴᠢ᠄ ᠣᠶᠤᠨᠰᠡᠴᠡᠨ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ