ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠬᠥᠯᠥᠨ ᠪᠤᠶᠢᠷ ᠬᠤᠲᠠᠨ ᠳᠤ ᠬᠦᠷᠴᠦ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/5
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠬᠦᠷᠴᠦ ᠲᠣᠭᠤᠷᠢᠨ ᠦᠵᠡᠵᠦ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠲᠤᠰᠬᠠᠢ ᠮᠡᠷᠭᠡᠵᠢᠯᠲᠡᠳ ᠡᠷᠳᠡᠮᠲᠡᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠥᠯᠥᠨ ᠪᠤᠶᠢᠷ ᠬᠤᠳᠠ ᠶᠢᠨ ᠦᠨᠳᠦᠰᠦᠲᠡᠨ ᠤ ᠵᠥᠪᠯᠡᠯ᠂ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤᠨ ᠤ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ ᠬᠥᠯᠥᠨ ᠪᠤᠶᠢᠷ ᠤᠨ ᠬᠤᠲᠠ ᠶᠢᠨ ᠦᠨᠳᠦᠰᠦᠲᠡᠨ ᠤ ᠵᠥᠪᠯᠡᠯ ᠬᠥᠯᠥᠨ ᠪᠤᠶᠢᠷ ᠤᠨ ᠬᠤᠲᠠ ᠶᠢᠨ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠵᠢᠴᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠶᠣᠰᠣᠭᠠᠷ᠂ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠢᠳᠡᠪᠬᠢᠲᠡᠢ ᠠᠬᠢᠭᠤᠯᠵᠤ᠂ ᠬᠥᠯᠥᠨ ᠪᠤᠶᠢᠷ ᠬᠤᠲᠠ ᠶᠢᠨ ᠪᠠᠭᠠᠲᠤᠷᠯᠢᠭ ᠲᠤᠤᠯᠢᠰ ᠲᠤ ᠲᠤᠰᠬᠠᠭᠳᠠᠭᠰᠠᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠦᠨᠵᠡᠭᠡᠢ ᠡᠮᠬᠢᠳᠬᠡᠨ ᠠᠭᠤᠳᠠᠯᠤᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠰᠣᠶᠣᠯ ᠤᠨ ᠰᠢᠮ᠎ᠡ ᠶᠢ ᠬᠠᠩᠭᠠᠨ᠎ᠠ ᠭᠡᠵᠦ ᠢᠯᠡᠷᠬᠡᠶᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ︽ᠭᠡᠰᠡᠷ︾᠂ ︽ᠵᠠᠩᠭᠠᠷ︾ ᠪᠣᠯᠣᠨ ︽ᠮᠠᠨᠠᠰ︾ ᠵᠡᠷᠭᠡ ᠲᠤᠤᠯᠢᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠶᠠᠷᠢᠶᠠᠨ ᠳᠤ ᠪᠠᠨ ᠳᠤᠷᠠᠳᠴᠤ᠂ ᠬᠡᠯᠡᠵᠦ ᠬᠠᠶᠢᠯᠠᠬᠤ ᠦᠵᠡᠭᠦᠯᠭᠡ ᠶᠢ ᠰᠣᠨᠢᠷᠬᠠᠵᠤ ᠥᠩᠭᠡᠷᠡᠪᠡ᠃ ᠲᠤᠤᠯᠢᠰ ᠨᠢ ᠠᠷᠠᠳ ᠤᠨ ᠠᠮᠠᠨ ᠵᠣᠬᠢᠶᠠᠯ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠷᠢᠯᠳᠦᠭᠦᠨ ᠬᠡᠰᠡᠭ ᠪᠣᠯᠣᠨ᠎ᠠ᠂ ᠬᠥᠯᠥᠨ ᠪᠤᠶᠢᠷ ᠬᠤᠳᠠ ᠶᠢᠨ ᠪᠠᠭᠠᠲᠤᠷᠯᠢᠭ ᠲᠤᠤᠯᠢᠰ ᠤᠨ ᠠᠭᠤᠯᠭ᠎ᠠ᠂ ᠲᠠᠷᠬᠠᠭᠳᠠᠬᠤ ᠬᠡᠯᠪᠡᠷᠢ᠂ ᠭᠠᠵᠠᠷ ᠣᠷᠣᠨ ᠤ ᠣᠨᠴᠠᠯᠢᠭ ᠵᠡᠷᠭᠡ ᠲᠠᠯ᠎ᠠ ᠪᠠᠷ ᠥᠪᠡᠷᠮᠢᠴᠡ ᠣᠨᠴᠠᠯᠢᠭ ᠲᠠᠢ ᠪᠠᠶᠢᠳᠠᠭ ᠰᠠᠭᠤᠷᠢᠨ ᠳᠡᠭᠡᠷ᠎ᠡ ᠬᠥᠯᠥᠨ ᠪᠤᠶᠢᠷ ᠬᠤᠳᠠ ᠶᠢᠨ ᠪᠠᠭᠠᠲᠤᠷᠯᠢᠭ ᠲᠤᠤᠯᠢᠰ ᠢ ᠠᠪᠤᠷᠠᠨ ᠬᠠᠮᠠᠭᠠᠯᠠᠬᠤ ᠠᠵᠢᠯ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠡᠷᠳᠡᠮᠲᠡᠳ ᠬᠥᠯᠥᠨ ᠪᠤᠶᠢᠷ ᠬᠤᠳᠠ ᠶᠢᠨ ᠪᠠᠭᠠᠲᠤᠷᠯᠢᠭ ᠲᠤᠤᠯᠢᠰ ᠢ ᠠᠪᠤᠷᠠᠨ ᠬᠠᠮᠠᠭᠠᠯᠠᠬᠤ ᠠᠵᠢᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠪᠠ᠃ ᠬᠤᠷᠠᠯ ᠳᠡᠭᠡᠷ᠎ᠡ ᠪᠠᠰᠠ ᠬᠥᠯᠥᠨ ᠪᠤᠶᠢᠷ ᠬᠤᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︽ᠵᠠᠩᠭᠠᠷ︾ ᠤᠨ ᠪᠠᠭᠰᠢ ᠶᠢᠨ ᠬᠢᠷᠢ ᠬᠡᠮ ᠤᠨ ᠪᠣᠯᠪᠠᠰᠤᠷᠠᠯ ᠤᠨ ᠠᠩᠭᠢ ᠶᠢ ᠳᠠᠭᠠᠭᠠᠴᠢᠯᠠᠨ ᠡᠷᠬᠢᠯᠡᠬᠦ ᠶᠠᠪᠤᠳᠠᠯ ᠤᠨ ᠲᠤᠬᠠᠢ ᠶᠠᠷᠢᠯᠴᠠᠪᠠ᠃            ᠣᠷᠴᠢᠭᠤᠯᠤᠭᠴᠢ᠄ ᠡᠷᠳᠡᠨᠢᠰᠤᠪᠤᠳ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ