ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2023/5/6
      5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ  ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠤᠳᠤᠷᠢᠳᠬᠤ ᠪᠠᠭ ᠤᠨ ᠪᠦᠷᠢᠯᠳᠦᠬᠦᠨ ᠠᠴᠠ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ︾ ᠶᠢᠨ ᠬᠤᠶᠠᠳᠤᠭᠠᠷ ᠪᠣᠲᠢ ᠶᠢᠨ ᠬᠤᠯᠪᠣᠭᠳᠠᠯ ᠪᠥᠬᠦᠶ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠭᠤᠤᠯ ᠰᠡᠳᠦᠪᠲᠦ ᠬᠥᠮᠦᠵᠢᠯ ᠢ ᠰᠠᠶᠢᠲᠤᠷ ᠬᠢᠬᠦ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ  ᠤ ᠣᠨᠣᠯ ᠲᠥᠷᠥ ᠶᠢᠨ ᠪᠣᠳᠣᠯᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠲᠥᠪ ᠤᠨ ᠦᠨᠳᠦᠰᠦᠲᠡᠨ  ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠠᠨ ᠾᠦᠢ ᠯᠦᠩ ᠬᠤᠷᠠᠯ ᠢ ᠡᠷᠭᠢᠯᠡᠪᠡ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠤᠯᠴᠠᠨ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ  ᠶᠢᠨ ᠤᠨᠤᠯ ᠢ ᠪᠣᠯᠪᠠᠰᠤᠷᠠᠩᠭᠤᠢ ᠡᠵᠡᠮᠰᠢᠬᠦ ᠪᠠ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠴᠢᠷᠮᠠᠶᠢᠨ ᠡᠵᠡᠮᠰᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠨ ᠪᠣᠳᠠᠲᠠᠶᠢᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠲᠥᠷᠥᠯ  ᠤᠨ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ ᠰᠤᠳᠤᠯᠤᠨ ᠲᠣᠭᠲᠠᠭᠠᠵᠤ᠂ ᠪᠠᠶᠢᠴᠠᠭᠠᠨ ᠰᠤᠳᠤᠯᠤᠯᠲᠠ ᠥᠷᠨᠢᠭᠦᠯᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠲᠣᠪᠣᠶᠢᠮ᠎ᠠ ᠠᠰᠠᠭᠤᠳᠠᠯ ᠢ ᠣᠨᠣᠪᠴᠢᠲᠠᠶ ᠪᠠᠶᠢᠴᠠᠭᠠᠨ ᠳᠣᠲᠣᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠭᠯᠡᠯᠳᠡ ᠲᠠᠢ ᠪᠠᠷ ᠲᠣᠭᠲᠠᠭᠠᠵᠤ᠂ ᠭᠤᠤᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠶ ᠥᠷᠨᠢᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠣᠳᠣᠬᠠᠨ  ᠤ ᠡᠯ᠎ᠡ ᠲᠥᠷᠥᠯ ᠤᠨ ᠠᠵᠢᠯ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠥᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ