ᠪᠠᠷᠭᠤ ᠪᠤᠷᠢᠶᠠᠳ ᠲᠤᠤᠯᠢᠰ ᠢ ᠴᠤᠭᠯᠠᠭᠤᠯᠤᠨ ᠡᠮᠬᠢᠳᠭᠡᠬᠦ ᠠᠵᠢᠯ ᠤᠨ ᠤᠶᠢᠯᠡᠴᠢᠯᠡᠭᠡᠨ ᠤ ᠥᠷᠢᠰᠥᠯᠳᠦᠭᠡᠨ ᠤ ᠴᠢᠨᠠᠷᠲᠠᠢ ᠬᠡᠯᠡᠯᠴᠡᠭᠡᠷ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/5/7
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠤᠰᠤᠳᠠᠨ ᠤ ᠵᠦᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠥᠷᠢᠰᠥᠯᠳᠦᠭᠡᠨ ᠤ ᠴᠢᠨᠠᠷᠲᠠᠶ ᠬᠡᠯᠡᠯᠴᠡᠭᠡᠷ ᠤᠨ ᠠᠷᠭ᠎ᠠ ᠮᠠᠶ᠋ᠢᠭ ᠪᠠᠷ ᠪᠠᠷᠭᠤ ᠪᠤᠷᠢᠶᠠᠳ ᠲᠤᠤᠯᠢᠰ ᠢ ᠴᠤᠭᠯᠠᠭᠤᠯᠤᠨ ᠡᠮᠬᠢᠳᠬᠡᠬᠦ ᠦᠶᠯᠡᠴᠢᠯᠡᠭᠡ  ᠶᠢ ᠬᠤᠳᠠᠯᠳᠤᠨ ᠠᠪᠬᠤ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠨᠡᠷ᠎ᠡ ᠮᠡᠳᠡᠬᠦᠯᠦᠨ ᠣᠷᠣᠯᠴᠠᠬᠤ ᠶᠢ ᠤᠷᠢᠵᠤ ᠪᠣᠶ᠃       ᠨᠢᠭᠡ᠂ ᠲᠥᠷᠥᠯ ᠵᠦᠢᠯ ᠤᠨ ᠨᠡᠷ᠎ᠡ        ᠪᠠᠷᠭᠤ ᠪᠤᠷᠢᠶᠠᠳ ᠲᠤᠤᠯᠢᠰ ᠢ ᠴᠤᠭᠯᠠᠭᠤᠯᠤᠨ ᠡᠮᠬᠢᠳᠬᠡᠬᠦ ᠦᠢᠯᠡᠴᠢᠯᠡᠭᠡ         ᠬᠤᠶᠠᠷ᠂ ᠪᠡᠯᠡ ᠮᠦᠩᠬᠦᠨ ᠤ ᠢᠷᠡᠯᠲᠡ        ᠡᠳ᠋ ᠤᠨ ᠵᠠᠰᠠᠭ ᠤᠨ ᠪᠡᠯᠡ ᠮᠥᠩᠭᠦ ᠤᠴᠢᠷ ᠠᠴᠠ ᠲᠤᠰ ᠤᠳᠠᠭᠠᠨ ᠤ ᠲᠥᠰᠥᠪᠯᠡᠭᠰᠡᠨ ᠬᠢᠵᠠᠭᠠᠷᠯᠠᠬᠤ ᠵᠣᠭᠤᠰ ᠤᠨ ᠲᠤᠭ᠎ᠠ ᠪᠣᠯ ᠠᠷᠠᠳ ᠤᠨ ᠵᠣᠭᠤᠰ  ᠢᠶᠠᠷ 10 ᠲᠦᠮᠡᠨ ᠲᠥᠭᠦᠷᠢᠭ ᠪᠠᠶᠢᠵᠤ᠂ ᠲᠥᠰᠥᠪᠯᠡᠭᠰᠡᠨ ᠬᠢᠵᠠᠭᠠᠷᠯᠠᠬᠤ ᠵᠣᠭᠤᠰ ᠤᠨ ᠲᠤᠭ᠎ᠠ ᠠᠴᠠ ᠬᠡᠲᠦᠷᠡᠭᠰᠡᠨ ᠳᠠᠭᠠᠭᠠᠴᠢᠯᠠᠯᠲᠠ ᠶᠢᠨ ᠪᠢᠴᠢᠭ ᠮᠠᠲ᠋ᠧᠷᠢᠶᠠᠯ ᠬᠦᠴᠦᠨ ᠦᠭᠡᠢ᠃        ᠭᠤᠷᠪᠠ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠦᠷᠢᠯᠳᠦᠭᠦᠯᠪᠡᠰᠦ ᠵᠣᠬᠢᠬᠤ ᠨᠥᠬᠦᠴᠡᠯ        ⒈ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ  ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ︔        ( 1 ) ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔        ( 2 )  ᠨᠡᠯᠢᠶᠡᠳ ᠰᠠᠶᠢᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔        ( 3 ) ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔        ( 4 ) ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ︔        ( 5 ) ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ  ᠪᠠᠶᠢᠬᠤ︔        ( 6 ) ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ ᠲᠤ ᠨᠡᠶᠢᠴᠡᠭᠰᠡᠨ ᠪᠠᠶᠢᠬᠤ︔       ⒉ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ  ︵www.creditchina.gov.cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠰᠦᠯᠵᠢᠶᠡᠨ ᠳᠡᠭᠡᠷ᠎ᠡ ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ  ᠶᠢᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠲᠠᠢ ᠬᠥᠮᠥᠨ ᠤ ᠨᠡᠷᠡᠰ ᠲᠤ ᠵᠢᠭᠰᠠᠭᠠᠭᠳᠠᠭᠰᠠᠳ ᠵᠢᠴᠢ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠶᠯ ᠳᠤ ᠲᠣᠭᠲᠠᠭᠠᠭᠰᠠᠨ ᠨᠥᠬᠦᠴᠡᠯ ᠳᠤ ᠥᠯᠥ ᠨᠡᠶᠢᠴᠡᠬᠦ ᠪᠤᠰᠤᠳ‌‍ᠲ᠋ᠠᠭᠠᠭᠠᠴᠢᠯᠠᠯᠲᠠ ᠥᠷᠢᠰᠥᠯᠳᠦᠭᠴᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠤᠯᠬᠤ ᠥᠬᠡᠶ︔      ⒊ᠡᠷᠬᠡᠪᠰᠢ ᠪᠦᠬᠦᠯᠢ ᠪᠠᠷ ᠳᠠᠭᠠᠭᠠᠴᠢᠯᠠᠬᠤ ᠪᠠᠷ ᠳᠠᠭᠠᠭᠠᠴᠢᠯᠠᠯᠲᠠ ᠥᠷᠢᠰᠥᠯᠳᠦᠬᠦ ᠶᠢ ᠱᠠᠭᠠᠷᠳᠠᠨ᠎ᠠ︔       ⒋ᠲᠤᠰ ᠲᠥᠷᠥᠯ ᠵᠦᠢᠯ ᠨᠢ ᠬᠠᠮᠲᠤᠷᠠᠨ ᠳᠠᠭᠠᠭᠠᠴᠢᠯᠠᠬᠤ ᠶᠢ ᠬᠦᠯᠢᠶᠡᠬᠦ ᠦᠭᠡᠶ᠃        ᠳᠥᠷᠪᠡ᠂ ᠨᠡᠷ᠎ᠡ ᠮᠡᠳᠡᠭᠦᠯᠬᠦ ᠳᠤ ᠠᠩᠬᠠᠷᠬᠤ ᠵᠦᠶᠯ        ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ 2023 ᠣᠨ ᠤ 5 ᠳ᠋ᠤᠭᠠᠷ ᠰᠠᠷ᠎ᠠ ᠶᠢᠨ 6 ᠤ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ ᠠᠵᠢᠯᠯᠠᠬᠤ ᠡᠳᠦᠷ ᠨᠢᠭᠡᠪᠦᠷᠢ ᠶᠢᠨ ᠦᠳᠡ ᠶᠢᠨ ᠡᠮᠦᠨᠡᠬᠢ 9᠄ 00 —12᠄ 00 ᠴᠠᠭ᠂ ᠦᠳᠡ  ᠶᠢᠨ ᠬᠤᠶᠢᠨᠠᠬᠢ 2᠄ 30 — 5᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠤᠷᠢᠶᠠᠯᠠᠯ ᠤᠨ 7 ᠳ᠋ᠤᠭᠠᠷ ᠠᠰᠠᠷ ᠤᠨ 505 ᠳ᠋ᠤᠭᠠᠷ ᠲᠠᠰᠤᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠠᠷᠠᠢ᠃ ᠠᠩᠬᠠᠨ ᠤ ᠬᠢᠨᠠᠯᠲᠠ  ᠳᠤ ᠬᠢᠷᠢ ᠲᠡᠩᠴᠡᠭᠰᠡᠨ ᠤ ᠳᠠᠷᠠᠭ᠎ᠠ᠂ ︽ᠳᠠᠭᠠᠭᠠᠴᠢᠯᠠᠯᠲᠠ ᠥᠷᠢᠰᠦᠯᠳᠦᠬᠦ ᠪᠠᠷ ᠨᠡᠷ᠎ᠡ ᠮᠡᠳᠡᠭᠦᠯᠦᠭᠴᠢ ᠶᠢᠨ ᠳᠡᠩᠰᠡᠯᠡᠨ ᠲᠡᠮᠳᠡᠭᠯᠡᠬᠦ ᠬᠦᠰᠦᠨᠦᠭᠲᠦ︾ ᠶᠢ ᠲᠠᠭᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠳᠠᠭᠠᠭᠠᠴᠢᠯᠠᠯᠲᠠ ᠥᠷᠢᠰᠥᠯᠳᠦᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠠᠴᠠ  ᠳᠠᠭᠠᠭᠠᠴᠢᠯᠠᠯᠳᠠ ᠶᠢᠨ ᠪᠢᠴᠢᠭ ᠮᠠᠲ᠋ᠧᠷᠢᠶᠠᠯ ᠢ ᠠᠪᠬᠤ ᠬᠡᠷᠡᠭᠲᠡᠢ᠃      ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠳᠣᠤᠷ᠎ᠠ ᠵᠢᠭᠰᠠᠭᠠᠭᠰᠠᠨ ᠮᠠᠲ᠋ᠧᠷᠢᠶᠠᠯ ᠤᠨ ᠬᠠᠭᠤᠯᠪᠤᠷᠢ ︵ᠬᠠᠭᠤᠯᠪᠤᠷᠢ ᠳᠤ ᠺᠣᠮᠫᠠᠨᠢ ᠶᠢᠨ ᠠᠯᠪᠠᠨ ᠲᠠᠮᠠᠭ᠎ᠠ ᠶᠢ ᠳᠠᠷᠤᠭᠰᠠᠨ ᠪᠠᠶᠢᠬᠤ ᠬᠡᠷᠡᠭᠲᠡᠶ᠂ ᠨᠢᠭᠡ ᠬᠡᠯᠪᠡᠷᠢ ᠶᠢᠨ ᠨᠢᠭᠡ ᠬᠤᠪᠢ᠂ ᠪᠠᠷᠢᠮᠵᠢᠶ᠎ᠠ A 4 ᠴᠠᠭᠠᠰᠤ︶ ᠶᠢ ᠠᠪᠴᠤ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄      ⒈ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠭᠠᠷᠭᠠᠨ ᠦᠵᠡᠭᠦᠯᠵᠦ᠂ ᠬᠠᠭᠤᠯᠪᠤᠷᠢ ᠪᠠᠨ ᠬᠠᠩᠭᠠᠨ᠎ᠠ︔      ⒉ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠬᠠᠩᠭᠠᠨ᠎ᠠ︔      ⒊ ᠬᠦᠴᠦᠨ ᠲᠠᠢ ᠪᠥᠭᠡᠳ ᠳᠠᠭᠠᠭᠠᠴᠢᠯᠠᠯᠳᠠ ᠥᠷᠢᠰᠦᠯᠳᠦᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔      ⒋ᠬᠦᠴᠦᠨ ᠲᠠᠢ ᠪᠥᠭᠡᠳ ᠳᠠᠭᠠᠭᠠᠴᠢᠯᠠᠯᠲᠠ ᠥᠷᠢᠰᠦᠯᠳᠦᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠬᠢᠷᠢ ᠭᠡᠮ ᠤᠨ ᠦᠨᠡᠮᠯᠡᠯ ᠤᠨ ᠬᠠᠭᠤᠯᠪᠤᠷᠢ ᠶᠢ ᠬᠠᠩᠭᠠᠨ᠎ᠠ︔      ⒌ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ  ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠭᠡᠷᠡᠴᠢᠯᠡᠭᠡ ᠶᠢᠨ ᠪᠢᠴᠢᠭ ᠬᠠᠩᠭᠠᠨ᠎ᠠ︔     ⒍︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ (www.creditchina.gov.cn)᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ (www.ccgp.gov.cn) ᠶᠢᠨ ᠢᠲᠡᠭᠡᠮᠵᠢ ᠶᠢᠨ ᠪᠠᠶᠢᠴᠠᠭᠠᠨ ᠯᠠᠪᠯᠠᠭᠰᠠᠨ ᠲᠡᠮᠳᠡᠭᠯᠡᠯ (ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠢ ᠪᠠᠶᠢᠴᠠᠭᠠᠨ ᠯᠠᠪᠯᠠᠭᠰᠠᠨ ᠪᠠᠶᠢᠬᠤ ᠬᠡᠷᠡᠭᠲᠡᠢ)᠃      ᠲᠠᠪᠤ᠂ ᠳᠠᠭᠠᠭᠠᠴᠢᠯᠠᠯᠳᠠ ᠶᠢᠨ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠂ ᠳᠠᠭᠠᠭᠠᠴᠢᠯᠠᠯᠲᠠ ᠨᠡᠶᠢᠲᠡᠯᠡᠬᠦ ᠴᠠᠭ ᠵᠢᠴᠢ ᠳᠠᠭᠠᠭᠠᠴᠢᠯᠠᠯᠲᠠ ᠨᠡᠶᠢᠲᠡᠯᠡᠬᠦ ᠭᠠᠵᠠᠷ       ᠳᠠᠭᠠᠭᠠᠴᠢᠯᠠᠯᠳᠠ ᠶᠢᠨ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠄ 2023 ᠣᠨ ᠤ 5 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨᠠᠬᠢ 5 ᠴᠠᠭ       ᠳᠠᠭᠠᠭᠠᠴᠢᠯᠠᠯᠲᠠ ᠨᠡᠶᠢᠲᠡᠯᠡᠬᠦ ᠴᠠᠭ᠄ 2023 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨᠡᠬᠢ 10 ᠴᠠᠭ 30 ᠮᠢᠨᠦ᠋ᠲ       ᠳᠠᠭᠠᠭᠠᠴᠢᠯᠠᠯᠲᠠ  ᠨᠡᠶᠢᠳᠡᠯᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠤᠷᠢᠶᠠᠯᠠᠯ ᠤᠨ 7 ᠳ᠋ᠤᠭᠠᠷ ᠠᠰᠠᠷ ᠤᠨ 512 ᠳ᠋ᠤᠭᠠᠷ ᠬᠤᠷᠠᠯ ᠤᠨ ᠬᠡᠷ᠃      ᠵᠢᠷᠭᠤᠭ᠎ᠠ᠂ ᠬᠠᠷᠢᠯᠴᠠᠬᠤ ᠠᠷᠭ᠎ᠠ      ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠤᠷᠢᠶᠠᠯᠠᠯ ᠤᠨ 7 ᠳ᠋ᠤᠭᠠᠷ ᠠᠰᠠᠷ ᠤᠨ 505 ᠳ᠋ᠤᠭᠠᠷ ᠲᠠᠰᠤᠭ        ᠬᠠᠷᠢᠯᠴᠠᠬᠤ ᠬᠥᠮᠦᠨ᠄  ᠲᠠ ᠠᠪᠤᠭᠠᠢ       ᠬᠠᠷᠢᠯᠴᠠᠬᠤ ᠤᠳᠠᠰᠤ᠄ 0471 - 6946805        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ                           2023 ᠣᠨ ᠤ 5 ᠳ᠋ᠤᠭᠠᠷ ᠰᠠᠷ᠎ᠠ ᠶᠢᠨ 5 ᠤ ᠡᠳᠦᠷ                                   ᠣᠷᠴᠢᠭᠤᠯᠤᠭᠴᠢ᠄ ᠴᠣᠭᠵᠢᠯᠮ᠎ᠠ                    ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ                    ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ