ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 26 ᠤ | ᠡᠳᠤᠷ ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠪᠤᠭᠤᠲᠤ ᠬᠤᠲᠠᠨ ᠳᠤ ᠪᠥᠬᠦ ᠣᠷᠣᠨ ᠤ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠪᠣᠯᠪᠠᠰᠤᠷᠠᠯ ᠢ ᠡᠷᠭᠢᠯᠡᠪᠡ᠃ | | | ᠪᠤᠯᠪᠠᠰᠤᠷᠠᠯ ᠨᠢ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ | ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠤᠯᠪᠠᠰᠤᠷᠠᠯ ᠢᠶᠠᠷ | ᠳᠠᠮᠵᠢᠭᠤᠯᠵᠤ᠂ ᠦᠨᠳᠦᠰᠦᠲᠡᠨ ᠤ ᠵᠥᠪᠯᠡᠯ ᠤᠨ ᠪᠥᠬᠦ ᠺᠠᠳ᠋ᠷ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠦᠨᠳᠦᠰᠦᠲᠡᠨ ᠤ | ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃ | | ᠪᠤᠯᠪᠠᠰᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ | ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠭᠤᠰᠢᠯᠠᠭᠤᠯᠬᠤ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠤᠨ ᠲᠤᠬᠠᠶ ᠲᠤᠰᠬᠠᠶ ᠮᠡᠷᠭᠡᠵᠢᠯ ᠤᠨ ᠲᠠᠶᠢᠯᠤᠮᠵᠢ ᠬᠢᠯᠭᠡᠪᠡ︔ ᠪᠤᠯᠪᠠᠰᠤᠷᠠᠯ ᠳᠤ ᠤᠷᠤᠯᠴᠠᠭᠰᠠᠳ ᠢ ᠵᠣᠬᠢᠶᠠᠨ ᠪᠠᠶᠢᠭᠤᠯᠵᠤ ︽ᠦᠨᠳᠦᠰᠦᠲᠡᠨ ᠤ | ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠬᠦ︾ ᠶᠢᠨ ᠲᠣᠭᠤᠷᠢᠨ ᠳᠤ ᠲᠤᠰᠬᠠᠶ ᠰᠡᠳᠦᠪᠲᠦ ᠶᠠᠷᠢᠯᠴᠠᠭ᠎ᠠ ᠥᠷᠨᠢᠭᠦᠯᠵᠦ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ | ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ᠂ ᠴᠢᠩᠱᠠᠨ ᠲᠣᠭᠤᠷᠢᠭ ᠤᠨ ᠨᠡᠶᠢᠭᠡᠮ ᠤᠨ ᠵᠠᠰᠠᠯᠲᠠ ᠬᠠᠮᠢᠶᠠᠷᠤᠯᠳᠠ ᠶᠢᠨ ᠲᠥᠪ᠂ ᠴᠢᠩᠱᠠᠨ ᠲᠣᠭᠤᠷᠢᠭ ᠤᠨ | ᠰᠢᠶᠠᠨ ᠹᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠳᠠ ᠨᠡᠶᠢᠭᠡᠮ ᠲᠣᠭᠤᠷᠢᠭ᠂ ᠪᠤᠭᠤᠲᠤ ᠬᠤᠲᠠ ᠶᠢᠨ ᠯᠧᠢ ᠹᠧᠩ ᠮᠠᠰᠢᠨ ᠲᠡᠷᠭᠡᠨ ᠤ ᠠᠩᠭᠢ | ᠳᠤ ᠬᠦᠨᠵᠡᠭᠡᠶᠢᠷᠠᠵᠦ᠂ ᠲᠤᠬᠠᠶ ᠶᠢᠨ ᠲᠠᠯᠠᠪᠠᠶ ᠳᠤ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠵᠦ᠂ ᠪᠤᠭᠤᠲᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠭᠰᠡᠨ ᠦᠶᠯᠡᠳᠦᠯᠭᠡ ᠶᠢᠨ ᠲᠤᠷᠰᠢᠯᠭ᠎ᠠ | ᠶᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠵᠦ ᠰᠤᠷᠤᠯᠴᠠᠪᠠ᠃ | | ᠪᠣᠯᠪᠠᠰᠤᠷᠠᠯ ᠳᠤ ᠤᠷᠤᠯᠴᠠᠭᠰᠠᠳ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ︾᠂ ︽ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ︾ ᠵᠡᠷᠭᠡ | ᠴᠢᠬᠤᠯᠠ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠡᠯ᠎ᠡ ᠲᠥᠷᠥᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠬᠦ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠡᠯ᠎ᠡ ᠦᠨᠳᠦᠰᠦᠲᠡᠨ ᠤ ᠨᠡᠶᠢᠭᠡᠮ ᠵᠢᠷᠤᠮ ᠤᠨ | ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯᠳᠠ ᠶᠢᠨ | ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ | ᠤᠬᠠᠮᠰᠠᠷ ᠠᠴᠠ ᠪᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ︽ᠲᠠᠭᠠᠭᠤᠯᠤᠬᠴᠢ︾ ᠪᠤᠯᠤᠨ᠎ᠠ ᠭᠡᠵᠦ | ᠢᠯᠡᠳᠬᠡᠵᠡᠭᠡᠪᠡ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠠᠶᠢᠭᠤᠯᠭ᠎ᠠ ᠵᠢᠴᠢ ᠵᠥᠪᠯᠡᠯ ᠤᠨ ᠬᠠᠷᠢᠶ᠎ᠠ ᠨᠢᠭᠡᠴᠢ᠂ ᠡᠯ᠎ᠡ ᠠᠶᠢᠮᠠᠭ ᠬᠤᠳᠠ ᠶᠢᠨ | ᠦᠨᠳᠦᠰᠦᠲᠡᠨ ᠤ ᠵᠥᠪᠯᠡᠯ᠂ ᠮᠠᠨᠵᠤᠤᠷ ᠬᠤᠳᠠ᠂ ᠡᠷᠢᠶᠡᠨ ᠬᠤᠳᠠ ᠶᠢᠨ ᠦᠨᠳᠤᠰᠤᠳᠠᠨ ᠤ ᠵᠥᠪᠯᠡᠯ ᠤᠨ 50 ᠭᠠᠷᠤᠢ ᠨᠦᠬᠦᠳ ᠪᠣᠯᠪᠠᠰᠤᠷᠠᠯ ᠳᠤ ᠣᠷᠣᠯᠴᠠᠪᠠ᠃ | | | | ᠣᠷᠴᠢᠭᠤᠯᠤᠭᠴᠢ᠄ ᠴᠣᠭᠵᠢᠯᠮ᠎ᠠ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ |