ᠦᠨᠳᠦᠷ ᠰᠦᠷᠯᠢᠭ ᠬᠢᠩᠭᠠᠨ ᠳᠠᠪᠠᠭᠠᠨ ᠤ ᠬᠤᠷᠮᠣᠢ ᠳᠤ ᠨᠢᠭᠡᠨ ᠵᠢᠵᠢᠭᠭᠡᠨ ᠲᠤᠰᠬᠤᠨ ᠪᠠᠶᠢᠳᠠᠭ᠂ ᠠᠳᠡ ︽ᠳᠤᠮᠳᠠᠳᠤ ᠶᠢᠨ ᠦᠨᠳᠦᠰᠦᠲᠡᠨ ᠨᠢᠭᠡ ᠭᠡᠷ | ᠪᠦᠯᠢ ᠶᠢᠨ ᠬᠢᠨ ᠮᠡᠲᠦ ᠲᠤᠲᠤᠨᠤ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠡᠶ᠎ᠡ ᠵᠣᠬᠢᠴᠠᠯ ᠲᠠᠢ ᠦᠵᠡᠮᠵᠢᠲᠦ | ᠵᠢᠷᠤᠭ ᠢ ᠠᠮᠢᠳᠤᠯᠢᠭ ᠪᠣᠳᠠᠲᠠᠢ ᠪᠠᠷ ᠵᠢᠷᠤᠭᠯᠠᠭᠰᠠᠨ ᠪᠠᠶᠢᠨ᠎ᠠ᠃ ᠲᠡᠷᠡ ᠪᠣᠯ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ︾᠂ ︽ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ︾᠂ ︽ᠪᠦᠬᠦ ᠤᠯᠤᠰ ᠤᠨ ᠬᠥᠳᠡᠭᠡ ᠲᠤᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠤᠰᠬᠤᠨ︾᠂ | ︽2022 ᠣᠨ ᠤ ᠤᠯᠤᠰ ᠤᠨ ᠬᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠲᠤᠰᠬᠤᠨ︾ ᠪᠠ ︽ᠪᠦᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ︾ ᠵᠡᠷᠭᠡ ᠴᠣᠯᠠ ᠶᠢ ᠬᠦᠷᠲᠡᠭᠰᠡᠨ ᠬᠢᠩᠭᠠᠨ ᠠᠶᠢᠮᠠᠭ ᠤᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶ᠋ᠬᠠᠣᠪᠤᠭ᠎ᠠ ᠭᠠᠴᠠᠭ᠎ᠠ ᠪᠣᠯᠬᠤ ᠶᠤᠮ᠃ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶ᠋ᠬᠠᠪᠣᠭᠠ ᠭᠠᠴᠠᠭᠠᠨ ᠤ ᠪᠦᠬᠦ ᠦᠵᠡᠮᠵᠢ ︵ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠪᠠᠶ᠋ᠬᠠᠣᠪᠤᠭ᠎ᠠ ᠭᠠᠴᠠᠭ᠎ᠠ︶ | ᠣᠳᠣᠬᠠᠨ ᠳᠤ᠂ ᠪᠠᠶ᠋ᠬᠠᠣᠪᠤᠭ᠎ᠠ ᠭᠠᠴᠠᠭᠠᠨ ᠳᠤ ᠬᠢᠲᠠᠳ᠂ ᠮᠣᠩᠭᠤᠯ᠂ ᠮᠠᠨᠵᠤ᠂ ᠳ᠋ᠠᠢ᠂ ᠣᠷᠣᠰ ᠵᠡᠷᠭᠡ ᠲᠠᠪᠤᠨ ᠦᠨᠳᠦᠰᠦᠲᠡᠨ ᠤ ᠣᠯᠠᠨ ᠲᠦᠮᠡᠨ ᠰᠠᠭᠤᠷᠢᠰᠢᠵᠤ | ᠪᠠᠶᠢᠳᠠᠭ᠃ ᠭᠠᠴᠠᠭᠠᠨ ᠳᠤ ᠪᠠᠶᠢᠩᠭᠤ ᠰᠠᠭᠤᠷᠢᠰᠢᠵᠤ ᠪᠠᠶᠢᠭ᠎ᠠ ᠬᠦᠮᠦᠨ ᠠᠮᠠ 330 ᠡᠷᠦᠬᠡ 974 ᠬᠦᠮᠦᠨ ᠲᠠᠢ᠂ ᠡᠭᠦᠨ ᠤ ᠲᠤᠲᠤᠷ᠎ᠠ ᠤᠯᠠᠨ ᠦᠨᠳᠦᠰᠦᠲᠡᠨ ᠲᠠᠢ | ᠭᠡᠷ ᠪᠦᠯᠢ ᠪᠠᠷᠤᠭ ᠬᠠᠭᠠᠰ ᠢ ᠨᠢ ᠡᠵᠡᠯᠡᠵᠦ ᠪᠠᠶᠢᠳᠠᠭ᠃ ᠭᠠᠴᠠᠭᠠᠨ ᠤ ᠡᠮᠡᠭᠲᠡᠶᠢᠴᠤᠳ ᠤᠨ ᠬᠤᠯᠪᠤᠭᠠᠲᠤ ᠬᠤᠷᠠᠯ ᠤᠨ ᠡᠷᠬᠢᠯᠡᠭᠴᠢ ᠪᠣᠣ ᠰᠢᠨ ᠾᠦᠢ᠄ ︽ᠣᠳᠣ | ᠲᠣᠰᠬᠤᠨ ᠤ ᠵᠠᠯᠠᠭᠤᠴᠤᠳ ᠤᠷᠤᠭ ᠬᠤᠷᠢᠮ ᠬᠡᠯᠡᠯᠴᠡᠬᠦ ᠳᠤ ᠦᠨᠳᠦᠰᠦᠲᠡᠨ ᠢᠶᠠᠷ ᠪᠣᠯᠬᠤ ᠪᠢᠰᠢ᠂ ᠬᠠᠷᠢᠨ ᠬᠦᠮᠦᠨ ᠤ ᠴᠢᠨᠠᠷ ᠢ ᠨᠢ ᠴᠢᠬᠤᠯᠠᠴᠢᠯᠠᠬᠤ ᠪᠣᠯᠵᠤ᠂ | ᠬᠦᠮᠦᠨ ᠢᠶᠠᠷ ᠰᠠᠶᠢᠨ ᠪᠣᠯ ᠪᠤᠰᠤᠳ ᠨᠢ ᠴᠦᠮ ᠠᠰᠠᠭᠤᠳᠠᠯ ᠪᠢᠰᠢ ᠭᠡᠳᠡᠭ︾ ᠶᠤᠮ᠃ ᠶᠠᠭ ᠡᠨᠡ ᠬᠦ ᠬᠠᠨᠢ ᠰᠤᠩᠭᠤᠬᠤ ᠬᠠᠮᠤᠭ ᠤᠨ ᠳᠥᠭᠦᠮ ᠪᠠᠷᠢᠮᠵᠢᠶ᠎ᠠ ᠪᠠ | ᠪᠤᠷᠤᠭᠵᠢᠭᠤᠨ ᠠᠮᠢᠳᠤᠷᠠᠯ ᠤᠨ ᠬᠦᠭᠡᠭᠡᠴᠡᠯᠳᠦᠯ ᠨᠢ ᠪᠠᠶ᠋ᠬᠠᠣᠪᠤᠭ᠎ᠠ ᠭᠠᠴᠠᠭᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ | ᠦᠨᠳᠦᠰᠦᠲᠡᠨ ᠨᠦᠭᠦᠳ ᠢ ᠰᠡᠳᠬᠢᠯ ᠤᠨ ᠤᠭ ᠠᠴᠠ ᠮᠡᠳᠡᠷᠡᠵᠦ ᠪᠠᠶᠢᠭ᠎ᠠ ᠶᠢ ᠢᠯᠡᠳᠭᠡᠵᠦ᠂ ᠲᠤᠰᠬᠤᠨ ᠤ ᠦᠨᠳᠦᠰᠦᠲᠡᠨ ᠨᠦᠭᠦᠳ ᠤᠨ ᠠᠷᠠᠳ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠲᠤᠮᠤ ᠭᠡᠷ ᠪᠦᠯᠢ ᠶᠢᠨ ᠡᠶ᠎ᠡ ᠵᠣᠬᠢᠴᠠᠯ ᠲᠠᠢ ᠵᠢᠷᠤᠭᠯᠠᠯ ᠢ ᠪᠤᠢ ᠪᠣᠯᠭᠠᠵᠤ ᠪᠠᠶᠢᠨ᠎ᠠ᠃ | ᠥᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ 2021 ᠣᠨ ᠤ 10 ᠳ᠋ᠤᠭᠠᠷ ᠰᠠᠷ᠎ᠠ ᠠᠴᠠ ᠡᠬᠢᠯᠡᠨ ᠪᠠᠶ᠋ᠬᠠᠣᠪᠤᠭ᠎ᠠ ᠭᠠᠴᠠᠭ᠎ᠠ ᠶᠢ | ᠬᠤᠯᠪᠣᠭᠠᠯᠠᠨ ᠳᠠᠭᠠᠭᠠᠴᠢᠯᠠᠵᠤ ᠲᠡᠳᠬᠦᠭᠰᠡᠨ ᠠᠴᠠ ᠨᠠᠭᠠᠰᠢ᠂ ᠲᠤᠬᠠᠢ ᠶᠢᠨ ᠭᠠᠵᠠᠷ ᠤᠨ ᠪᠣᠳᠠᠲᠠᠢ ᠳᠤ ᠰᠠᠭᠤᠷᠢᠯᠠᠵᠤ᠂ ᠲᠤᠰᠢᠶᠠᠯ ᠴᠢᠳᠠᠪᠬᠢ ᠶᠢᠨ ᠳᠠᠪᠠᠭᠤᠯᠢᠭ ᠪᠠ | ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠣᠯᠠᠨ ᠨᠡᠶᠢᠲᠡ ᠶᠢᠨ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ | ᠳᠤᠮᠳᠠᠬᠢ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰᠬᠤᠨ ᠤ ᠳᠥᠷᠢᠮ ᠠᠷᠠᠳ ᠤᠨ | ᠵᠢᠷᠤᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ | ᠠᠭᠤᠰᠤᠯᠴᠠᠭᠤᠯᠪᠠ᠃ | ᠪᠠᠶ᠋ᠬᠠᠣᠪᠤᠭ᠎ᠠ ᠭᠠᠴᠠᠭᠠᠨ ᠤ ᠲᠤᠰᠬᠤᠨ ᠤ ᠳᠥᠷᠢᠮ ᠠᠷᠠᠳ ᠤᠨ ᠵᠢᠷᠤᠮ ᠳᠤ ︽ᠬᠦᠷᠰᠢ ᠵᠡᠷᠭᠡᠯᠡᠳᠡᠭᠡ ᠨᠥᠬᠦᠷᠰᠡᠭ ᠨᠠᠶᠢᠷᠰᠠᠭ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠴᠠᠶᠢᠯᠭᠠᠨ ᠰᠡᠳᠬᠢᠯ ᠲᠠᠢ ᠬᠦᠮᠦᠨ ᠪᠤᠯᠬᠤ ᠪᠠᠷ ᠴᠢᠷᠮᠠᠶᠢᠬᠤ︾ ᠭᠡᠳᠡᠭ ᠪᠣᠯ ᠲᠤᠰᠬᠤᠨ ᠤ ᠠᠷᠠᠳ ᠨᠢᠭᠡ ᠪᠦᠷᠢ ᠶᠢ ᠬᠤᠪᠢ ᠬᠦᠮᠦᠨ ᠤ ᠮᠤᠷᠠᠯ | ᠰᠤᠷᠲᠠᠯ ᠢᠶᠠᠨ ᠳᠡᠭᠡᠭᠰᠢᠯᠡᠭᠦᠯᠦᠨ ︽ᠵᠢᠷᠭᠤᠭ᠎ᠠ ᠶᠢ ᠥᠷᠢᠰᠦᠯᠳᠦᠨ ᠬᠢᠬᠦ︾ ᠶᠢ ᠰᠠᠨᠠᠭᠠᠴᠢᠯᠠᠵᠤ᠂ ︽ᠬᠦᠷᠰᠢ ᠵᠡᠷᠭᠡᠯᠡᠳᠡᠭᠡ ᠬᠠᠷᠢᠯᠴᠠᠨ ᠰᠠᠬᠢᠨ ᠪᠠᠷᠠᠯᠠᠵᠤ᠂ ᠪᠦᠯᠬᠦᠮᠳᠡᠨ | ᠨᠥᠬᠦᠷᠰᠡᠭ ᠨᠠᠶᠢᠷᠰᠠᠭ᠂ ᠦᠨᠳᠦᠰᠦᠲᠡᠨ ᠤ ᠪᠥᠯᠬᠦᠮᠳᠡᠯ ᠤᠨ ᠵᠢᠱᠢᠶ᠎ᠡ ᠦᠵᠡᠭᠦᠯᠬᠦ ᠡᠷᠦᠬᠡ ᠪᠤᠯᠬᠤ ᠪᠠᠷ ᠴᠢᠷᠮᠠᠶᠢᠬᠤ︾ ᠭᠡᠳᠡᠭ ᠨᠢ ᠡᠷᠦᠬᠡ ᠪᠦᠷᠢ ᠶᠢ ᠭᠡᠷ ᠪᠦᠯᠢ ᠪᠠᠨ | ᠰᠠᠶᠢᠬᠠᠨ ᠪᠠᠶᠢᠯᠭᠠᠬᠤ ︽ᠵᠢᠷᠭᠤᠭ᠎ᠠ ᠶᠢ ᠥᠷᠢᠰᠦᠯᠳᠦᠨ ᠬᠢᠬᠦ︾ ᠶᠢ ᠰᠠᠨᠠᠭᠠᠴᠢᠯᠠᠪᠠ᠃ ︽ᠨᠢᠭᠡ ᠡᠷᠦᠬᠡ ᠨᠢᠭᠡ ᠳᠤᠭᠤᠶᠢᠯᠠᠩ ᠢ ᠳᠠᠭᠠᠭᠤᠯᠬᠤ᠂ ᠨᠢᠭᠡ ᠳᠤᠭᠤᠶᠢᠯᠠᠩ ᠨᠢ | ᠪᠦᠬᠦ ᠲᠤᠰᠬᠤᠨ ᠢ ᠳᠠᠭᠠᠭᠤᠯᠬᠤ︾ ᠶᠢᠨ ︽1+1+N︾ ᠤ ᠲᠣᠭᠲᠠᠴᠠ ᠶᠢ ᠰᠥᠪᠡᠭᠴᠢᠯᠡᠨ ᠪᠠᠶᠢᠭᠤᠯᠵᠤ᠂ ᠭᠠᠴᠠᠭᠠᠨ ᠤ ︽ᠬᠤᠶᠠᠷ ᠵᠦᠪᠯᠡᠯ︾᠂ ᠨᠠᠮ ᠤᠨ ᠭᠡᠰᠢᠭᠦᠨ᠂ | ᠲᠤᠰᠬᠤᠨ ᠤ ᠠᠷᠠᠳ ᠤᠨ ᠲᠥᠯᠦᠭᠡᠯᠡᠭᠴᠢ ᠵᠡᠷᠭᠡ ︽ᠭᠤᠣᠯᠳᠠᠯᠭ᠎ᠠ ᠲᠠᠢ ᠴᠦᠭᠡᠨ ᠲᠣᠭᠠᠲᠤ︾ ᠶᠢ ᠴᠢᠩᠭ᠎ᠠ ᠠᠳᠬᠤᠵᠤ᠂ ᠲᠤᠰᠬᠤᠨ ᠤ ᠳᠥᠷᠢᠮ ᠠᠷᠠᠳ ᠤᠨ ᠵᠢᠷᠤᠮ ᠢ | ᠲᠦᠷᠦᠭᠦᠯᠡᠵᠦ ᠦᠢᠯᠡᠳᠦᠯᠭᠡᠵᠢᠭᠦᠯᠵᠦ᠂ ︽ᠨᠢᠭᠡ ᠭᠡᠷ ᠤᠨ ᠬᠦᠮᠦᠨ︾ ᠮᠡᠲᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠭᠤᠯᠤᠭᠳᠠᠬᠤᠨ ᠢ | ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠠᠨᠠᠷ ᠤᠨ ᠦᠷ᠎ᠡ ᠰᠢᠭ ᠨᠢᠭᠲᠠᠷᠠᠨ ᠪᠥᠯᠬᠦᠮᠳᠡᠵᠦ᠂ | ᠰᠡᠳᠬᠢᠯ ᠨᠢᠭᠡᠳᠦᠨ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠠᠶᠢᠭᠤᠯᠵᠤ᠂ ᠭᠠᠷ ᠢᠶᠠᠨ ᠬᠤᠯᠪᠣᠨ ᠵᠤᠯ ᠵᠢᠷᠭᠠᠯᠲᠤ ᠠᠮᠢᠳᠤᠷᠠᠯ ᠢᠶᠠᠨ ᠬᠠᠮᠲᠤ ᠪᠠᠷ | ᠴᠣᠭᠴᠠᠯᠠᠵᠤ ᠪᠤᠢ᠃ | | | | ᠣᠷᠴᠢᠭᠤᠯᠤᠭᠴᠢ᠄ ᠴᠢᠨᠳᠠᠮᠤᠨᠢ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |