ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠭᠤᠣᠯ ᠰᠡᠲᠦᠪᠲᠦ ᠬᠦᠮᠦᠵᠢᠯ ᠤᠨ ᠬᠠᠮᠲᠤ ᠶᠢᠨ ᠰᠤᠳᠤᠯᠤᠨ ᠶᠠᠷᠢᠯᠴᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/1
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠲᠦᠪᠲᠦ ᠬᠦᠮᠦᠵᠢᠯ ᠢ ᠦᠷᠭᠦᠯᠵᠢᠯᠡᠨ ᠭᠦᠨᠵᠡᠭᠡᠢ ᠦᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 24 ᠤ ᠡᠳᠦᠷ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ︽ᠭᠠᠷᠠᠭ ᠤᠨ ᠰᠤᠷᠤᠯᠴᠠᠯᠭ᠎ᠠ ᠶᠢᠨ ᠡᠳᠦᠷ︾ ᠤᠨ ᠠᠵᠢᠯᠯᠠᠭ᠎ᠠ ᠵᠢᠴᠢ ᠭᠤᠣᠯ ᠰᠡᠲᠦᠪᠲᠦ ᠬᠦᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃      ᠬᠤᠷᠠᠯ ᠳᠡᠭᠡᠷ᠎ᠡ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠲᠦᠪᠲᠦ ᠲᠡᠭᠦᠪᠦᠷᠢ︾ ᠶᠢᠨ ᠬᠡᠰᠡᠭ ᠪᠦᠯᠦᠭ ᠪᠣᠯᠤᠨ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢᠨ ᠵᠢᠯᠣᠭᠤᠳᠤᠮᠵᠢ ᠶᠢᠨ ᠤᠩᠰᠢᠬᠤ ᠳᠡᠪᠲᠡᠷ︾ ᠤᠨ ᠬᠠᠮᠢᠶ᠎ᠠ ᠪᠦᠬᠦᠢ ᠠᠭᠤᠯᠭ᠎ᠠ ᠶᠢ ᠬᠠᠮᠲᠤ ᠪᠠᠷ ᠰᠤᠷᠤᠯᠴᠠᠵᠤ᠂ ᠤᠯᠤᠰ ‍ᠤᠨ‌ᠦᠨᠳᠦᠰᠦᠲᠡᠨ ᠤ ᠵᠥᠪᠯᠡᠯ ᠤᠨ ᠬᠠᠮᠢᠶ᠎ᠠ ᠪᠦᠬᠦᠢ ᠬᠤᠷᠠᠯ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠲᠦᠪᠲᠦ ᠬᠦᠮᠦᠵᠢᠯ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠵᠡᠯ ᠰᠠᠨᠠᠭ᠎ᠠ ᠶᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠤᠶ᠎ᠠ︾ ᠭᠡᠬᠦ ᠭᠤᠣᠯ ᠰᠡᠲᠥᠪ ᠤᠨ ᠲᠣᠭᠤᠷᠢᠨ ᠳᠤ ᠰᠤᠳᠤᠯᠤᠨ ᠶᠠᠷᠢᠯᠴᠠᠪᠠ᠃      ᠣᠯᠠᠨ ᠢᠶᠠᠷ ᠢᠶᠠᠨ᠂ ᠭᠤᠣᠯ ᠰᠡᠲᠦᠪᠲᠦ ᠬᠦᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠣᠨᠣᠯ ᠤᠨ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠤᠭᠰᠠᠨ ᠢᠶᠠᠨ ᠬᠡᠷᠡᠭᠯᠡᠬᠦ ᠳᠡᠭᠡᠷ᠎ᠡ ᠵᠢᠩᠬᠢᠨᠢ ᠬᠦᠴᠦ ᠲᠠᠯᠪᠢᠨ ᠴᠢᠷᠮᠠᠶᠢᠯᠭ᠎ᠠ ᠭᠠᠷᠭᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠶᠢ ᠪᠡᠶᠡᠯᠡᠭᠦᠯᠵᠦ᠂ ᠭᠤᠣᠯ ᠰᠡᠲᠦᠪᠲᠦ ᠬᠦᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠪᠣᠯᠭᠠᠨ ᠤᠯᠠᠷᠢᠭᠤᠯᠤᠨ᠎ᠠ︔ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠲᠥᠪ ᠤᠨ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ  ᠣᠶᠢᠯᠠᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠶᠡᠭᠡ ᠶᠣᠰᠣ ᠶᠢ ᠮᠡᠳᠡᠵᠦ ᠶᠡᠭᠡ ᠲᠠᠯ᠎ᠠ ᠶᠢ ᠬᠠᠷᠠᠭᠠᠯᠵᠠᠨ ᠬᠡᠪ ᠵᠠᠩᠰᠢᠯ ᠢ ᠰᠤᠷᠲᠠᠯᠴᠢᠯᠠᠵᠤ ᠵᠣᠷᠢᠭᠤᠯᠤᠯ ᠲᠠᠢ᠂ ᠡᠭᠦᠷᠭᠡᠯᠡᠯ ᠲᠠᠢ ᠪᠠᠶᠢᠬᠤ ᠰᠢᠯᠢᠳᠡᠭ ᠤᠯᠠᠮᠵᠢᠯᠠᠯ ᠪᠠ ᠨᠠᠨᠳᠢᠨ ᠬᠡᠪ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠣᠮᠣ ᠶᠠᠪᠤᠳᠠᠯ ᠳᠤ ᠨᠡᠩ  ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠭᠡᠪᠡ᠃      ᠬᠤᠷᠠᠯ ᠠᠴᠠ᠂ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠵᠤ᠂ ᠪᠠᠶᠢᠴᠠᠭᠠᠨ‌ᠦᠵᠡᠵᠦ᠂ ᠬᠠᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠣᠪᠣᠷ ᠢᠶᠠᠷ ᠠᠵᠢᠯ ᠤᠨ ᠶᠠᠪᠤᠴᠠ ᠪᠠᠨ ᠵᠣᠬᠢᠴᠠᠭᠤᠯᠤᠨ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ︽ᠬᠤᠶᠠᠷ ᠰᠡᠳᠬᠦᠯ᠂ ᠨᠢᠭᠡ ᠰᠦᠯᠵᠢᠶ᠎ᠡ᠂ ᠨᠢᠭᠡ ᠲᠠᠪᠴᠠᠩ︾ ᠢᠶᠠᠨ ᠦᠷᠭᠦᠯᠵᠢᠯᠡᠨ ᠰᠠᠶᠢᠲᠤᠷ ᠡᠷᠬᠢᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ︾᠂ ︽ᠳᠤᠮᠳᠠᠳᠤ ᠶᠢ ᠦᠭᠦᠯᠡᠬᠦᠢ︾ ᠵᠡᠷᠭᠡ ᠨᠡᠷᠡᠲᠦ ᠲᠡᠮᠳᠡᠭᠲᠦ ᠪᠤᠯᠤᠩ ᠤᠳ ᠤᠨ ᠠᠭᠤᠯᠭ᠎ᠠ ᠶᠢ ᠣᠷᠴᠢᠭᠤᠯᠵᠤ᠂ ᠡᠷᠴᠢᠮᠲᠠᠢ ᠴᠣᠭᠴᠠᠯᠠᠨ ᠪᠠᠶᠢᠭᠤᠯᠬᠤ  ᠬᠡᠷᠡᠭᠲᠡᠢ᠃ ᠠᠬ᠎ᠠ ᠳᠡᠭᠦᠦ ᠪᠠᠶᠢᠭᠤᠯᠭ᠎ᠠ ᠨᠢᠭᠡᠴᠢ ︵ᠰᠠᠯᠠᠭ᠎ᠠ ᠮᠦᠴᠢᠷ︶ ᠯᠦᠭᠡ ᠢᠳᠡᠪᠬᠢᠲᠡᠢ ᠬᠠᠷᠢᠯᠴᠠᠵᠤ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠨᠡᠷᠡᠲᠦ ᠲᠡᠮᠳᠡᠭᠲᠦ ᠪᠤᠯᠤᠩ ᠤᠳ ᠤᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ ᠶᠢ ᠠᠬᠢᠭᠤᠯᠵᠤ᠂ ᠤᠬᠠᠭᠤᠯᠭ᠎ᠠ ᠶᠢᠨ ᠪᠣᠲᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠦᠴᠢᠷ ᠵᠣᠪᠠᠭᠤᠷᠢ ᠶᠢ ᠲᠡᠰᠪᠦᠷᠢᠯᠡᠵᠦ᠂ ᠴᠣᠴᠠᠯᠲᠠ ᠦᠭᠡᠢ ᠤᠷᠤᠭᠰᠢᠯᠠᠬᠤ᠂ ᠵᠣᠷᠢᠭᠰᠠᠨ ᠳᠤ ᠪᠠᠨ ᠵᠠᠪᠠᠯ ᠬᠦᠷᠳᠡᠭ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠠᠩᠰᠠ ᠲᠤᠰᠢᠶᠠᠬᠤ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ ᠢ ᠪᠤᠢ ᠪᠤᠯᠭᠠᠵᠤ᠂ ᠣᠨᠣᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ ᠴᠢᠳᠠᠪᠤᠷᠢ ᠮᠡᠷᠭᠡᠰᠢᠯ ᠢᠶᠠᠨ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠰᠢᠰᠲ᠋ᠧᠮᠵᠢ ᠶᠢᠨ ᠦᠵᠡᠯᠲᠡ ᠶᠢ ᠪᠣᠢ ᠪᠤᠯᠭᠠᠵᠤ᠂ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠬᠠᠯᠠᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ ᠪᠡᠶᠡᠯᠡᠭᠦᠯᠵᠦ᠂ ᠰᠡᠳᠬᠦᠯ ᠤᠨ ᠬᠤᠷᠢᠶᠠᠨ ᠤ ᠡᠯ᠎ᠡ ᠲᠥᠷᠥᠯ ᠤᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠ ᠦᠷ᠎ᠡ  ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃            ᠣᠷᠴᠢᠭᠤᠯᠤᠭᠴᠢ᠄ ᠪᠤᠯᠠᠭ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠡᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ