ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/6/2
      5 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠥᠪᠡᠷ ᠤᠨ ᠬᠠᠷᠢᠯᠴᠠᠵᠤ ᠪᠠᠶᠢᠭ᠎ᠠ ᠭᠤᠤᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠪᠣᠯᠬᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠶᠢᠨ ᠬᠠᠮᠳᠤ᠂ ᠢᠯᠢ ᠤᠳᠤ ᠦᠶ᠎ᠠ ᠶᠢᠨ ᠣᠶᠤᠨᠴᠢ ᠡᠷᠡᠭᠦᠯ ᠮᠡᠨᠳᠦ ᠶᠢᠨ ᠬᠦᠷᠢᠶᠡᠯᠡᠩ ᠳᠤ ᠡᠷᠭᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃
W020230601560233962234.jpg     
           ᠬᠦᠦᠳᠠᠭᠤᠯᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠤᠲᠠᠲᠠᠢ ᠲᠦᠷᠦᠭᠳᠡᠯ ᠲᠠᠢ ᠪᠦᠲᠦᠮᠵᠢᠲᠡᠢ ᠪᠠᠳᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠤᠨᠤᠯ ᠲᠦᠷᠦ ᠶᠢᠨ ᠪᠤᠳᠤᠯᠭ᠎ᠠ ᠪᠠ ᠦᠢᠯᠡᠳᠦᠯᠭᠡ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠨ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃            ᠣᠷᠴᠢᠭᠤᠯᠤᠭᠴᠢ᠄ ᠤᠶᠤᠨᠰᠡᠴᠡᠨ            ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠡᠨ ᠣᠷᠴᠢᠭᠤᠯᠤᠭᠴᠢ᠄ ᠪᠠᠶᠠᠨᠴᠢᠮᠡᠭ
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ