ᠥᠪᠥᠷ ᠮᠣᠩᠭᠤᠯ ᠤᠨ ᠶᠡᠭᠡ ᠰᠤᠷᠭᠠᠭᠤᠯᠢ ᠬᠤᠶᠠᠳᠤᠭᠠᠷ ᠬᠤᠭᠤᠴᠠᠭᠠᠨ ᠤ ︽ᠵᠠᠩᠭᠠᠷ︾ ᠤᠨ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/2
      ᠤᠶᠢᠷ᠎ᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠤᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠤᠨ ︽ᠵᠠᠩᠭᠠᠷ︾ ᠰᠤᠳᠤᠯᠤᠯ ᠤᠨ ᠲᠥᠪ ᠠᠴᠠ ᠳᠠᠭᠠᠭᠠᠴᠢᠯᠠᠨ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ︽ᠵᠠᠩᠭᠠᠷ︾ ᠤᠨ ᠮᠡᠳᠡᠯᠭᠡ ᠶᠢᠨ ᠤᠷᠤᠯᠳᠤᠭᠠᠨ ᠬᠦᠬᠡᠬᠤᠳᠠ ᠳᠤ ᠶᠠᠪᠤᠭᠳᠠᠪᠠ᠃ ᠲᠤᠰ ᠤᠷᠤᠯᠳᠤᠭᠠᠨ ᠤ ᠭᠤᠣᠯ ᠵᠣᠷᠢᠯᠭ᠎ᠠ ᠪᠤᠯ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠤᠷᠪᠠᠨ ᠶᠡᠭᠡ ᠪᠠᠭᠠᠲᠤᠷᠯᠢᠭ ᠲᠤᠤᠯᠢᠰ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠬᠢ ᠴᠢᠬᠤᠯᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠡᠭᠦᠷᠢᠳᠡ ᠬᠠᠳᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃
W020230519619665781721.jpg
                 ᠤᠷᠤᠯᠳᠤᠭᠠᠨ ᠤ ᠠᠬᠤᠶ ᠲᠠᠯᠠᠪᠠᠶ ︵ᠬᠡᠷᠡᠯ ᠵᠢᠷᠤᠭ᠄ ᠥᠪᠦᠷ ᠮᠤᠩᠭᠤᠯ ᠤᠨ ᠵᠢᠷᠤᠭᠳᠤ ᠰᠡᠳᠬᠦᠯ︶           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠰᠣᠶᠣᠯᠲᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠮᠧᠩ ᠬᠠᠶ ᠭᠤᠸᠠᠩ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠭᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠳ᠋᠊·ᠳᠠᠶ᠋ᠨ ᠨᠠᠷ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠪᠠ᠃ ᠲᠤᠰ ᠤᠷᠤᠯᠳᠤᠭᠠᠨ ᠨᠢ ︽ᠵᠠᠩᠭᠠᠷ︾  ᠤᠨ ᠰᠠᠭᠤᠷᠢ ᠮᠡᠳᠡᠯᠭᠡ ᠶᠢᠨ ᠠᠰᠠᠭᠤᠯᠲᠠ ᠬᠠᠷᠢᠭᠤᠯᠲᠠ᠂ ︽ᠵᠠᠩᠭᠠᠷ︾ ᠤᠨ ᠬᠡᠰᠡᠭ ᠪᠦᠯᠦᠭ ᠤᠨ ᠠᠭᠤᠯᠭ᠎ᠠ ᠶᠢ ᠲᠣᠭᠠᠴᠢᠨ ᠶᠠᠷᠢᠬᠤ᠂ ︽ᠵᠠᠩᠭᠠᠷ︾ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠠᠭᠤᠯᠭ᠎ᠠ ᠪᠠᠷ ᠪᠦᠷᠢᠯᠳᠦᠵᠡᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 53 ᠣᠶᠤᠲᠠᠨ ᠲᠤᠰ ᠤᠷᠤᠯᠳᠤᠭᠠᠨ ᠳᠤ ᠣᠷᠤᠯᠴᠬᠤ ᠪᠠᠷ ᠳᠠᠮᠵᠢᠵᠤ ︽ᠵᠠᠩᠭᠠᠷ︾ ᠤᠨ ᠰᠣᠶᠣᠯ ᠤᠨ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠳᠡᠬᠡᠭᠰᠢᠯᠡᠬᠦᠯᠵᠦ᠂ ︽ᠵᠠᠩᠭᠠᠷ︾ ᠢ ᠰᠤᠳᠤᠯᠤᠨ ᠬᠠᠮᠠᠭᠠᠯᠠᠬᠤ ᠪᠣᠯᠤᠨ ᠬᠦᠭᠵᠢᠭᠦᠯᠦᠨ ᠤᠯᠠᠮᠵᠢᠯᠠᠬᠤ ᠠᠵᠢᠯ ᠳᠤ ᠢᠳᠡᠪᠬᠢᠲᠡᠢ ᠦᠢᠯᠡᠳᠦᠯ ᠦᠵᠡᠭᠦᠯᠪᠡ᠃            ᠣᠷᠴᠢᠭᠤᠯᠤᠭᠴᠢ᠄ ᠤᠶᠤᠨᠰᠡᠴᠡᠨ            ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠣᠷᠴᠢᠭᠤᠯᠤᠭᠴᠢ᠄ ᠪᠠᠶᠠᠨᠴᠢᠮᠡᠭ 
ᠢᠷᠡᠯᠲᠡ᠄ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠳᠠᠰᠤᠭ