ᠥᠪᠥᠷ ᠮᠣᠩᠭᠤᠯ ᠤᠨ ᠥᠪᠡᠷᠲᠡᠭᠡᠨ ᠵᠠ᠊ᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2023︺ 10 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ | ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ | ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ | ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ | ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ | ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠤᠯᠪᠣᠭᠳᠠᠯ ᠪᠦᠬᠦᠢ | ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠢᠯ ᠲᠥᠷᠥᠯ ᠤᠨ ᠬᠥᠲᠥᠴᠢ ᠠᠵᠤ | ᠠᠬᠤᠶᠢᠯᠠᠯ ᠢ ᠪᠤᠶᠢᠵᠢᠭᠤᠯᠬᠤ ᠪᠠ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠲᠣᠪᠤᠶᠢᠯᠭᠠᠵᠣ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ | ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ︵ᠳᠣᠷᠣᠭᠰᠢ ᠬᠥᠲᠥᠯᠥᠨ ᠵᠢᠯᠤᠭᠤᠳᠬᠤ ᠪᠡᠯᠡ ᠮᠥᠩᠭᠦ ᠭᠡᠵᠦ ᠲᠣᠪᠴᠢᠯᠠᠨ᠎ᠠ︶ | ᠶᠢ ᠲᠣᠬᠢᠷᠠᠭᠤᠯᠬᠤ ᠪᠠᠷ ᠳᠠᠮᠵᠢᠭᠤᠯᠤᠨ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠡᠯᠡ ᠮᠥᠩᠭᠦᠨ ᠤ | ᠬᠥᠰᠢᠭᠦᠷᠭᠡ ᠶᠢᠨ ᠦᠷ᠎ᠡ ᠨᠥᠯᠥᠭᠡ ᠶᠢ ᠶᠡᠬᠡᠰᠬᠡᠨ᠂ ᠠᠵᠤ ᠠᠬᠤᠶᠢᠯᠠᠯ ᠤᠨ ᠡᠷᠭᠢᠮᠡᠯ ᠪᠡᠯᠡ ᠮᠥᠩᠭᠦᠨ ᠤ ᠪᠡᠯᠡ ᠲᠣᠬᠢᠷᠠᠭᠤᠯᠬᠤ ᠠᠰᠠᠭᠤᠳᠠᠯ ᠢ ᠰᠢᠢᠳᠪᠦᠷᠢᠯᠡᠵᠦ᠂ | ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠴᠢᠩᠭᠠᠷᠠᠭᠤᠯᠤᠨ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ᠬᠥᠲᠥᠯᠥᠨ ᠵᠢᠯᠤᠭᠤᠳᠬᠤ ᠪᠡᠯᠡ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | | ᠨᠢᠭᠡ᠂ ᠶᠡᠷᠦᠩᠬᠡᠢ ᠰᠡᠳᠬᠢᠴᠡ | ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠬᠤ ᠪᠠᠷ ᠳᠠᠮᠵᠢᠭᠤᠯᠵᠤ ᠪᠠᠩᠬᠢ ᠶᠢᠨ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ | ᠵᠢᠭᠡᠯᠡᠯᠭᠡ ᠶᠢᠨ ᠵᠣᠭᠤᠰ ᠢ ᠬᠥᠭᠵᠢᠭᠡᠵᠦ ᠢᠲᠡᠭᠡᠮᠵᠢ ᠶᠢ ᠨᠢ ᠨᠡᠮᠡᠭᠳᠡᠭᠦᠯᠦᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠥᠭᠡᠳ ᠦᠨᠡᠲᠡᠢ ᠪᠠᠶᠢᠬᠤ | ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ︔ ᠴᠥᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠲᠤᠰᠬᠠᠢ ᠵᠣᠭᠤᠰ ᠢ | ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠪᠡᠯᠡ ᠮᠥᠩᠭᠦᠨ ᠤ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ | ᠲᠠᠲᠠᠨ ᠣᠷᠣᠭᠤᠯᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠪᠦᠬᠦ ᠶᠠᠪᠤᠴᠠ ᠶᠢᠨ ᠬᠢᠨᠠᠨ ᠡᠵᠡᠮᠳᠡᠬᠦ | ᠬᠠᠮᠢᠶᠠᠷᠤᠯᠲᠠ ᠬᠡᠷᠡᠭᠵᠢᠭᠦᠯᠬᠦ ᠪᠠᠷ ᠳᠠᠮᠵᠢᠭᠤᠯᠤᠨ᠂ ᠪᠡᠯᠡ ᠮᠥᠩᠭᠦᠨ ᠤ ᠳᠠᠯᠳᠠ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ | ᠬᠤᠶᠠᠷ᠂ ᠪᠡᠯᠡ ᠮᠥᠩᠭᠦᠨ ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ | ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠪᠡᠯᠡ ᠮᠥᠩᠭᠦ ᠴᠤᠭᠯᠠᠭᠤᠯᠬᠤ ᠪᠠᠷ ᠳᠠᠮᠵᠢᠨ | ᠪᠡᠯᠡ ᠮᠥᠩᠭᠦᠨ ᠤ ᠬᠥᠮᠥᠷᠭᠡ ᠪᠠᠶᠢᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠦᠨ᠂ ᠪᠠᠩᠬᠢ ᠶᠢᠨ | ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢ 1:10 ᠶᠢᠨ ᠬᠠᠷᠢᠴᠠᠯ ᠢᠶᠠᠷ ᠬᠥᠭᠵᠢᠭᠡᠨ ᠭᠥᠢᠯᠭᠡᠭᠡᠵᠦ ᠪᠠᠶᠢᠭᠠᠳ ᠲᠠᠯᠪᠢᠭᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ ᠬᠤᠭᠤᠴᠠᠭᠠᠨ ᠳᠠᠬᠢ ᠭᠦᠢᠯᠭᠡᠭᠡᠨ ᠤ ᠪᠡᠯᠡ ᠮᠥᠩᠭᠦ | ᠳᠤᠲᠠᠭᠳᠠᠬᠤ ᠠᠰᠠᠭᠤᠳᠠᠯ ᠢ ᠨᠠᠮᠳᠠᠭᠤᠯᠤᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2 ᠳ᠋ᠥᠩᠰᠢᠭᠤᠷ ᠲᠥᠭᠦᠷᠢᠭ ᠤᠨ ᠬᠥᠲᠥᠯᠥᠨ | ᠵᠢᠯᠤᠭᠤᠳᠬᠤ ᠪᠡᠯᠡ ᠮᠥᠩᠭᠦ ᠲᠣᠬᠢᠷᠠᠭᠤᠯᠤᠨ᠎ᠠ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠭᠤᠶᠤᠴᠢᠯᠠᠭᠰᠠᠨ ᠵᠢᠭᠡᠯᠡᠯᠭᠡ ᠶᠢᠨ ᠵᠣᠭᠤᠰ ᠤᠨ ᠲᠤᠭ᠎ᠠ ᠶᠢᠨ | 10 % ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠲᠤᠯᠠᠭ᠎ᠠ ᠶᠢᠨ ᠮᠥᠩᠭᠦ ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ | ᠥᠪᠡᠷ ᠤᠨ ᠬᠢᠨᠢ ᠪᠡᠯᠡ ᠮᠥᠩᠭᠦ ᠪᠠᠶᠢᠬᠤ ᠬᠡᠷᠡᠭᠲᠡᠢ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ | ᠲᠣᠭᠤᠷᠢᠭ︶︺ ᠶᠢᠨ ᠡᠳ᠋ ᠤᠨ ᠵᠠᠰᠠᠭ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ 1:0.5 ᠪᠠᠷ ᠢᠵᠢ | ᠪᠦᠷᠢᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠢᠯ ᠪᠦᠷᠢ 1500 ᠲᠦᠮᠡᠨ ᠲᠥᠭᠦᠷᠢᠭ ᠤᠨ ᠡᠳ᠋ ᠤᠨ | ᠵᠠᠰᠠᠭ ᠤᠨ ᠳᠠᠮ ᠬᠦᠦ ᠲᠠᠢ ᠪᠡᠯᠡ ᠮᠥᠩᠭᠦ ᠲᠣᠬᠢᠷᠠᠭᠤᠯᠤᠨ᠎ᠠ᠃ ᠣᠷᠣᠯᠠᠨ ᠲᠥᠯᠥᠬᠦ ᠤᠴᠢᠷ ᠡᠭᠦᠰᠪᠡᠯ᠂ ᠡᠩ ᠲᠡᠷᠢᠭᠦᠨ ᠳᠤ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠪᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ | ᠬᠠᠳᠠᠭᠠᠯᠠᠮᠵᠢ ᠶᠢᠨ ᠵᠣᠭᠤᠰᠤᠨ ᠤ ᠬᠦᠦ ᠮᠥᠩᠭᠦᠨ ᠤ ᠣᠷᠣᠯᠭ᠎ᠠ ᠪᠠᠷ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ ᠢ ᠨᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠪᠠ ᠬᠤᠷᠰᠢᠭᠰᠠᠨ ᠪᠠᠩᠬᠢ ᠨᠢ 7: 3 ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ | ᠬᠤᠪᠢᠳᠠᠨ ᠡᠭᠦᠷᠭᠡᠯᠡᠨ᠎ᠡ᠃ ᠵᠢᠭᠡᠯᠡᠯᠭᠡ ᠶᠢᠨ ᠬᠤᠭᠤᠴᠠᠭ᠎ᠠ ᠲᠤᠯᠵᠤ ᠡᠬᠡ ᠬᠦᠦ ᠮᠥᠩᠭᠦ ᠶᠢ ᠨᠢ ᠪᠤᠴᠠᠭᠠᠭᠰᠠᠨ ᠤ ᠳᠠᠷᠠᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ | ᠵᠢᠴᠢ ᠬᠠᠳᠠᠭᠠᠯᠠᠮᠵᠢ ᠶᠢᠨ ᠬᠦᠦ ᠮᠥᠩᠭᠦ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃ ᠬᠥᠲᠥᠯᠥᠨ ᠵᠢᠯᠤᠭᠤᠳᠬᠤ ᠪᠡᠯᠡ ᠮᠥᠩᠭᠦᠨ ᠳᠤ ᠲᠤᠰᠬᠠᠢ ᠳᠠᠩᠰᠠ ᠶᠢᠨ | ᠬᠠᠮᠢᠶᠠᠷᠤᠯᠲᠠ᠂ ᠪᠢᠳᠡᠭᠦᠮᠵᠢᠯᠡᠨ ᠠᠵᠢᠯᠯᠠᠭᠤᠯᠬᠤ ᠪᠠ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠦᠨ᠎ᠡ᠃ | ᠭᠤᠷᠪᠠ᠂ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ᠃ ᠬᠥᠲᠥᠯᠥᠨ ᠵᠢᠯᠤᠭᠤᠳᠬᠤ ᠪᠡᠯᠡ ᠮᠥᠩᠭᠦ᠂ | ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ ᠤ ᠲᠥᠰᠥᠪ ᠤᠨ ᠬᠠᠮᠢᠶᠠᠷᠤᠯᠲᠠ᠂ ᠪᠡᠯᠡ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ︔ ᠬᠥᠲᠥᠯᠥᠨ | ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ ᠨᠥᠬᠦᠴᠡᠯ ᠲᠠᠢ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠯᠡ ᠪᠠᠷ ᠰᠣᠩᠭᠤᠨ ᠲᠣᠭᠲᠠᠭᠠᠵᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ | ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠪᠣᠯᠭᠠᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠡᠭᠦᠷᠭᠡ | ᠬᠠᠷᠢᠭᠤᠴᠠᠯᠭ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠢ ᠲᠠᠨᠢᠯᠴᠠᠭᠤᠯᠬᠤ ᠶᠢ | ᠬᠠᠷᠢᠭᠤᠴᠠᠬᠤ ᠶᠢᠨ ᠬᠠᠮᠲᠤ᠂ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ | ᠵᠢᠭᠠᠨ ᠵᠢᠯᠤᠭᠤᠳᠴᠤ ᠪᠠᠶᠢᠭᠠᠳ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠥᠷᠥᠯ ᠵᠦᠢᠯ ᠤᠨ ᠮᠠᠲ᠋ᠧᠷᠢᠶᠠᠯ ᠢ ᠲᠠᠨᠢᠯᠴᠠᠭᠤᠯᠤᠨ᠎ᠠ᠃ | ︵ᠭᠤᠷᠪᠠ︶ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠃ ᠢᠯᠡ ᠪᠠᠷ᠂ ᠡᠷᠬᠡ ᠲᠡᠭᠰᠢ᠂ ᠲᠥᠪ ᠭᠤᠤᠯᠴᠢ᠂ | ᠢᠯᠡ ᠲᠣᠳᠣ ᠪᠠᠶᠢᠯᠭᠠᠬᠤ ᠵᠠᠷᠴᠢᠮ ᠶᠣᠰᠣᠭᠠᠷ ᠬᠤᠷᠰᠢᠬᠤ ᠪᠠᠩᠬᠢ ᠶᠢ ᠰᠣᠩᠭᠤᠬᠤ ᠶᠢᠨ ᠬᠠᠮᠲᠤ᠂ ᠬᠤᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠯᠤᠭ᠎ᠠ ᠶᠢᠨ ᠡᠳᠦᠷ ᠲᠤᠲᠤᠮ ᠤᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠭᠤᠣᠯᠳᠠᠭᠤ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ | ᠬᠠᠷᠭᠤᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠣᠷᠣᠯᠠᠨ ᠲᠥᠯᠥᠬᠦ ᠪᠡᠯᠡ | ᠮᠥᠩᠭᠦ ᠶᠢ ᠬᠢᠨᠠᠨ ᠬᠠᠷᠭᠤᠭᠤᠯᠬᠤ ᠵᠢᠴᠢ ᠲᠦᠭᠰᠢᠭᠦᠷᠢ ᠶᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠦ ᠴᠤᠪᠤᠷᠠᠯ ᠳᠤ ᠴᠥᠷᠬᠡᠯᠡᠭᠰᠡᠨ ᠬᠠᠮᠢᠶᠠᠷᠤᠯᠲᠠ ᠬᠢᠬᠦ ᠶᠢ | ᠬᠠᠷᠢᠭᠤᠴᠠᠨ᠎ᠠ︔ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠪᠠᠩᠬᠢ ᠠᠵᠤ ᠠᠬᠤᠶᠢᠯᠠᠯ ᠢ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ | ᠬᠢᠨᠠᠯᠲᠠ ᠬᠠᠮᠢᠶᠠᠷᠤᠯᠲᠠ ᠬᠢᠯᠬᠡᠵᠦ᠂ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠣᠯᠭᠤᠬᠤ ᠵᠣᠭᠤᠰ ᠤᠨ ᠵᠦᠢᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ | ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠰᠠᠷ᠎ᠠ ᠪᠠᠷ ᠮᠡᠳᠡᠭᠦᠯᠬᠦ | ᠳᠦᠷᠢᠮ᠂ ᠠᠵᠤ ᠠᠬᠤᠶᠢᠯᠠᠯ ᠤᠨ ᠬᠠᠷ᠎ᠠ ᠳᠠᠩᠰᠠ ᠶᠢᠨ ᠳᠦᠷᠢᠮ ᠢ ᠪᠠᠶᠢᠭᠤᠯᠤᠨ᠎ᠠ᠃ | ︵ᠳᠥᠷᠪᠡ︶ ᠬᠤᠷᠰᠢᠭᠰᠠᠨ ᠪᠠᠩᠬᠢ ᠶᠢᠨ ᠡᠭᠦᠷᠭᠡ ᠬᠠᠷᠢᠭᠤᠴᠠᠯᠭ᠎ᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠠᠩᠬᠢ | ᠪᠠ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠬᠥᠲᠥᠯᠥᠨ ᠵᠢᠯᠤᠭᠤᠳᠬᠤ ᠪᠡᠯᠡ ᠮᠥᠩᠭᠦᠨ ᠤ ᠮᠥᠩᠭᠦᠨ ᠭᠦᠢᠯᠭᠡᠭᠡᠨ ᠤ ᠨᠡᠷᠡᠳᠬᠦᠨ ᠢ | ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠬᠤ ᠶᠠᠪᠤᠴᠠ ᠳᠤ ᠬᠢᠨᠠᠨ ᠬᠠᠷᠭᠤᠭᠤᠯᠬᠤ᠂ ᠵᠢᠭᠡᠯᠡᠯᠭᠡ | ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠬᠠᠷᠢᠭᠤᠴᠠᠨ᠎ᠠ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ | ᠬᠢᠨᠠᠯᠲᠠ ᠬᠠᠮᠢᠶᠠᠷᠤᠯᠲᠠ ᠬᠢᠨ᠎ᠡ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ | ᠳᠤᠷᠠᠳᠤᠭᠰᠠᠨ ᠪᠡᠯᠡ ᠮᠥᠩᠭᠦ ᠣᠯᠭᠤᠬᠤ ᠭᠤᠶᠤᠴᠢᠯᠠᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ | ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠣᠷᠣᠯᠠᠨ ᠲᠥᠯᠥᠭᠰᠡᠨ ᠤ ᠳᠠᠷᠠᠭᠠᠬᠢ ᠨᠡᠬᠡᠮᠵᠢᠯᠡᠨ ᠬᠤᠷᠢᠶᠠᠬᠤ ᠪᠠ | ᠲᠥᠯᠥᠪᠦᠷᠢ ᠶᠢ ᠨᠡᠬᠡᠮᠵᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠳᠥᠷᠪᠡ᠂ ᠭᠤᠶᠤᠴᠢᠯᠠᠬᠤ ᠨᠥᠬᠦᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ | ︵ᠨᠢᠭᠡ︶ ᠭᠤᠶᠤᠴᠢᠯᠠᠬᠤ ᠨᠥᠬᠦᠴᠡᠯ᠃ ᠬᠥᠲᠥᠯᠥᠨ ᠵᠢᠯᠤᠭᠤᠳᠬᠤ ᠪᠡᠯᠡ ᠮᠥᠩᠭᠦ ᠨᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠭᠠᠳ ᠪᠦᠬᠦᠯᠢ 2 ᠵᠢᠯ ᠪᠣᠯᠤᠭᠰᠠᠨ᠂ ᠵᠢᠯ ᠤᠨ ᠪᠣᠷᠣᠯᠠᠭᠤᠯᠤᠯᠲᠠ ᠶᠢᠨ | ᠨᠣᠷᠮ᠎ᠠ ᠨᠢ 1.5 ᠳ᠋ᠥᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠠᠯᠠᠰᠢᠨ ᠦᠬᠡᠷ ᠠᠯᠠᠰᠢᠨ ᠬᠤᠨᠢ ᠢᠮᠠᠭ᠎ᠠ ᠶᠢᠨ ᠡᠳ᠋ᠰᠢᠭᠦᠯᠬᠦ ᠲᠥᠷᠥᠯ ᠤᠨ ᠥᠪᠡᠷᠲᠡᠭᠡᠨ | ᠵᠠᠰᠠᠬᠤ ᠣᠷᠣᠨ ᠤ ᠳᠡᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ ᠳᠡᠮᠵᠢᠨ᠎ᠡ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠳᠣᠣᠷᠠᠬᠢ ᠨᠥᠬᠦᠴᠡᠯ ᠢ | ᠬᠠᠩᠭᠠᠬᠤ ᠬᠡᠷᠡᠭᠲᠡᠢ᠄ | 1. ᠪᠦᠭᠦ ᠡᠳ᠋ ᠬᠥᠷᠥᠩᠭᠡ ᠶᠢᠨ ᠬᠡᠪᠴᠢᠶ᠎ᠡ ᠨᠢ 3000 ᠲᠦᠮᠡᠨ ᠲᠥᠭᠦᠷᠢᠭ ᠠᠴᠠ ᠳᠡᠭᠡᠭᠰᠢ᠂ ᠲᠣᠭᠲᠠᠮᠠᠯ ᠡᠳ᠋ ᠬᠥᠷᠥᠩᠭᠡ ᠶᠢᠨ ᠬᠡᠪᠴᠢᠶ᠎ᠡ ᠨᠢ 1000 | ᠲᠦᠮᠡᠨ ᠲᠥᠭᠦᠷᠢᠭ ᠠᠴᠠ ᠳᠡᠭᠡᠭᠰᠢ ᠪᠠᠶᠢᠬᠤ︔ | 2. ᠬᠤᠳᠠᠯᠳᠤᠭᠠᠨ ᠤ ᠵᠠᠭᠪᠤᠷ ᠨᠢ ᠲᠣᠳᠣᠷᠬᠠᠢ᠂ ᠣᠶᠢᠷ᠎ᠠ ᠶᠢᠨ ᠭᠤᠷᠪᠠᠨ ᠵᠢᠯ ᠳᠤ ᠦᠷᠭᠦᠯᠵᠢᠯᠡᠭᠰᠡᠨ ᠠᠯᠳᠠᠭᠳᠠᠯ ᠪᠠᠶᠢᠬᠤ ᠦᠭᠡᠢ᠂ ᠠᠵᠤ ᠠᠬᠤᠶᠢᠯᠠᠯ ᠨᠢ | ᠦᠷᠭᠦᠯᠵᠢᠯᠡᠨ ᠦᠢᠯᠡᠳᠪᠦᠷᠢᠯᠡᠵᠦ᠂ ᠬᠡᠪ ᠤᠨ ᠶᠣᠰᠣᠭᠠᠷ ᠠᠵᠢᠯᠯᠠᠵᠤ ᠪᠠᠶᠢᠬᠤ ᠪᠥᠭᠡᠳ ᠬᠠᠤᠯᠢ ᠶᠢᠨ ᠡᠷᠬᠡᠲᠡᠨ ᠠᠴᠠ ᠵᠠᠰᠠᠬᠤ᠂ ᠡᠳ᠋ ᠤᠨ ᠶᠠᠪᠤᠳᠠᠯ᠂ ᠨᠢᠭᠲᠠᠯᠠᠨ | ᠪᠤᠳᠤᠵᠤ ᠲᠣᠭᠠᠴᠠᠭ᠎ᠠ ᠬᠢᠬᠦ ᠪᠦᠷᠢᠨ ᠲᠡᠭᠦᠯᠳᠡᠷ ᠳᠦᠷᠢᠮ ᠲᠠᠢ ᠪᠠᠶᠢᠬᠤ︔ | 3. ᠠᠵᠤ ᠠᠬᠤᠶᠢᠯᠠᠯ ᠵᠢᠴᠢ ᠲᠡᠭᠦᠨ ᠤ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠪᠣᠯᠣᠨ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠨᠢ ᠴᠥᠮ ᠢᠲᠡᠭᠡᠯ ᠬᠦᠨᠳᠦ ᠪᠠᠷ ᠰᠠᠶᠢᠨ ᠪᠠᠶᠢᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ᠂ ᠬᠠᠤᠯᠢ | ᠴᠠᠭᠠᠵᠠ ᠶᠢᠨ ᠪᠠᠶᠢᠭᠤᠯᠭ᠎ᠠ ᠠᠴᠠ ᠰᠢᠢᠳᠬᠡᠨ ᠲᠣᠷᠭᠠᠭᠰᠠᠨ ᠨᠥᠯᠥᠭᠡ ᠮᠠᠭᠤᠲᠠᠢ ᠲᠡᠮᠳᠡᠭᠯᠡᠯ ᠪᠠᠶᠢᠬᠤ ᠦᠭᠡᠢ᠂ ᠪᠠᠩᠬᠢ ᠶᠢᠨ ᠨᠥᠯᠥᠭᠡ ᠮᠠᠭᠤᠲᠠᠢ ᠢᠲᠡᠭᠡᠮᠵᠢ ᠶᠢᠨ | ᠲᠡᠮᠳᠡᠭᠯᠡᠯ ᠵᠢᠴᠢ ᠬᠠᠷ᠎ᠠ ᠳᠠᠩᠰᠠ ᠶᠢᠨ ᠲᠡᠮᠳᠡᠭᠯᠡᠯ ᠪᠠᠶᠢᠬᠤ ᠦᠭᠡᠢ︔ | 4. ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠬᠦ | ᠴᠢᠭᠯᠡᠯ ᠳᠤ ᠨᠡᠶᠢᠴᠡᠵᠦ᠂ ᠵᠣᠭᠤᠰ ᠵᠢᠭᠡᠯᠡᠬᠦ ᠬᠡᠷᠡᠭᠴᠡᠭᠡ ᠵᠢᠴᠢ ᠵᠣᠭᠤᠰ ᠢᠶᠠᠨ ᠪᠤᠴᠠᠭᠠᠬᠤ ᠢᠷᠡᠯᠲᠡ ᠲᠣᠳᠣᠷᠬᠠᠢ ᠪᠥᠭᠡᠳ ᠬᠠᠤᠯᠢ ᠳᠤ ᠨᠡᠶᠢᠴᠡᠭᠰᠡᠨ ᠪᠠᠶᠢᠬᠤ᠃ | ︵ᠬᠤᠶᠠᠷ︶ ᠭᠤᠶᠤᠴᠢᠯᠠᠨ ᠮᠡᠳᠡᠭᠦᠯᠬᠦ ᠴᠤᠪᠤᠷᠠᠯ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠬᠠᠷᠢᠶᠠᠯᠠᠭᠳᠠᠬᠤ ᠬᠠᠷᠢᠴᠠᠭ᠎ᠠ ᠪᠠᠷ ᠵᠡᠷᠭᠡ ᠳᠤ ᠨᠢ ᠬᠠᠷᠢᠶ᠎ᠠ | ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ | ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠠᠢ ᠬᠠᠮᠲᠤᠷᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠲᠥᠷᠥᠯ | ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠃ ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ | ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠳᠤᠰᠤᠭᠰᠠᠨ ᠤ ᠳᠠᠷᠠᠭ᠎ᠠ ᠳᠠᠷᠤᠢ ᠳᠤ ᠨᠢ ᠬᠤᠷᠰᠢᠭᠰᠠᠨ ᠪᠠᠩᠬᠢ ᠲᠠᠢ | ᠬᠠᠮᠲᠤᠷᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠶᠢᠨ ᠮᠡᠳᠡᠭᠦᠯᠦᠯᠲᠡ | ᠭᠠᠷᠭᠠᠬᠤ ᠬᠡᠷᠡᠭᠲᠡᠢ᠃ ᠠᠩᠬᠠᠨ ᠤ ᠬᠢᠨᠠᠯᠲᠠ ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠦᠴᠡᠯ ᠳᠤ ᠨᠡᠶᠢᠴᠡᠭᠰᠡᠨ ᠪᠥᠭᠡᠳ ᠠᠶᠢᠮᠠᠭ ᠬᠤᠲᠠ ︹ᠬᠤᠰᠢᠭᠤ ᠰᠢᠶᠠᠨ | ︵ᠬᠤᠲᠠ᠂ ᠲᠣᠭᠤᠷᠢᠭ︶︺ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ | ᠵᠢᠭᠡᠯᠡᠯᠭᠡ ᠵᠢᠭᠡᠯᠡᠬᠦ ᠶᠢ ᠵᠥᠪᠰᠢᠶᠡᠷᠡᠭᠰᠡᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠬᠤ ᠠᠵᠤ | ᠠᠬᠤᠶᠢᠯᠠᠯ ᠳᠤ 3 ᠡᠳᠦᠷ ᠤᠨ ᠳᠣᠲᠣᠷ᠎ᠠ ᠬᠢᠨᠠᠵᠤ ᠵᠢᠭᠡᠯᠡᠭᠦᠯᠬᠦ ᠵᠣᠭᠤᠰᠤᠨ ᠤ ᠲᠤᠭ᠎ᠠ ᠶᠢᠨ 10% ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ | ᠮᠡᠳᠡᠭᠳᠡᠵᠦ᠂ ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ 3 ᠡᠳᠦᠷ ᠤᠨ | ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ 1:0.5 ᠪᠠᠷ ᠲᠥᠬᠦᠷᠵᠢᠭᠦᠯᠬᠦ ᠶᠢ ᠮᠡᠳᠡᠭᠳᠡᠬᠦ ᠬᠡᠷᠡᠭᠲᠡᠢ᠃ | ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠣᠯᠣᠨ ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠪᠠᠨ ᠭᠦᠢᠴᠡᠳ ᠲᠤᠰᠢᠶᠠᠭᠰᠠᠨ ᠤ ᠳᠠᠷᠠᠭ᠎ᠠ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠵᠦ᠂ ᠳᠡᠮᠵᠢᠬᠦ ᠪᠠᠷ ᠪᠠᠶᠢᠭ᠎ᠠ ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ︵ᠭᠤᠷᠪᠠ︶ ᠵᠢᠭᠡᠯᠡᠯᠭᠡ ᠲᠠᠯᠪᠢᠬᠤ᠃ | 1. ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠪᠠᠨ | ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠳᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠡᠳ᠋ ᠤᠨ | ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠪᠠᠶᠢᠳᠠᠯ᠂ ᠬᠤᠯᠪᠣᠭᠳᠠᠬᠤ ᠠᠵᠤ ᠠᠬᠤᠶᠢᠯᠠᠯ ᠵᠢᠴᠢ ᠬᠤᠯᠪᠣᠭᠳᠠᠬᠤ | ᠠᠷᠠᠯᠵᠢᠶᠠᠨ ᠤ ᠪᠠᠶᠢᠳᠠᠯ᠂ ᠥᠪᠡᠷ ᠤᠨ ᠬᠢᠨᠢ ᠪᠡᠯᠡ ᠮᠥᠩᠭᠦ ᠶᠢ ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠥᠷᠥᠩᠭᠡ ᠶᠢᠨ ᠲᠤᠭ᠎ᠠ ᠬᠡᠮᠵᠢᠶ᠎ᠡ ᠶᠢ ᠲᠥᠰᠥᠭᠡᠯᠡᠨ | ᠪᠤᠳᠤᠬᠤ᠂ ᠵᠢᠭᠡᠯᠡᠯᠭᠡ ᠶᠢᠨ ᠲᠥᠷᠥᠯ ᠵᠦᠢᠯ ᠤᠨ ᠪᠠᠶᠢᠳᠠᠯ ᠵᠢᠴᠢ ᠵᠣᠭᠤᠰ ᠢᠶᠠᠨ ᠲᠥᠯᠥᠬᠦ ᠲᠥᠰᠥᠯ ᠵᠡᠷᠭᠡ ᠠᠭᠤᠯᠭ᠎ᠠ ᠪᠠᠭᠲᠠᠬᠤ ᠪᠣᠯᠪᠠᠴᠤ ᠡᠳᠡᠭᠡᠷ ᠲᠤ ᠯᠠ | ᠬᠢᠵᠠᠭᠠᠠᠷᠯᠠᠭᠳᠠᠬᠤ ᠦᠭᠡᠢ᠃ | 2. ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠬᠦᠦ ᠶᠢᠨ ᠨᠤᠷᠮ᠎ᠠ ᠬᠢᠭᠡᠳ ᠳᠠᠮ ᠬᠦᠦ᠃ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ | 1 ᠵᠢᠯ ᠠᠴᠠ ᠬᠡᠲᠦᠷᠡᠭᠦᠯᠬᠦ ᠦᠭᠡᠢ᠂ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠡᠷᠦᠬᠡ ᠨᠢᠭᠡᠪᠦᠷᠢ ᠶᠢ 1 ᠳ᠋ᠥᠩᠰᠢᠭᠤᠷ ᠲᠥᠭᠦᠷᠢᠭ ᠠᠴᠠ ᠬᠡᠲᠦᠷᠡᠭᠦᠯᠬᠦ ᠦᠭᠡᠢ᠃ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠨᠠᠮᠳᠠᠭᠤᠯᠬᠤ ᠶᠢᠨ ᠲᠤᠰᠠᠳᠠ᠂ ᠬᠤᠷᠰᠢᠭᠰᠠᠨ ᠪᠠᠩᠬᠢ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠨᠢ ᠠᠷᠠᠳ ᠤᠨ ᠪᠠᠩᠬᠢ ᠠᠴᠠ ᠨᠡᠶᠢᠲᠡᠯᠡᠭᠰᠡᠨ ᠲᠤᠰ ᠬᠤᠭᠤᠴᠠᠭᠠᠨ ᠤ LPR ᠤᠨ 50 % ᠪᠠᠷ ᠳᠠᠮ ᠬᠦᠦ ᠣᠯᠭᠤᠨ᠎ᠠ᠃ | 3. ᠵᠢᠭᠡᠯᠡᠯᠭᠡ ᠲᠠᠯᠪᠢᠬᠤ᠃ ᠵᠢᠭᠡᠯᠡᠯᠭᠡ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠠᠵᠤ ᠠᠬᠤᠶᠢᠯᠠᠯ ᠯᠤᠭ᠎ᠠ ᠬᠠᠮᠢᠶ᠎ᠠ | ᠪᠦᠬᠦᠢ ᠭᠡᠷ᠎ᠡ ᠲᠣᠭᠲᠠᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ᠂ ᠬᠡᠷᠡᠭᠴᠡᠭᠡ᠂ ᠵᠣᠭᠤᠰ ᠢᠶᠠᠨ ᠲᠥᠯᠥᠬᠦ ᠪᠠᠲᠤᠯᠠᠭ᠎ᠠ ᠵᠢᠴᠢ | ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠬᠤᠷᠰᠢᠭᠰᠠᠨ ᠪᠠᠩᠬᠢ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ | ᠪᠣᠯᠵᠣᠨ ᠲᠣᠭᠲᠠᠭᠰᠠᠨ ᠵᠣᠭᠤᠰ ᠭᠠᠷᠭᠠᠵᠤ ᠠᠪᠬᠤ ᠨᠥᠬᠦᠴᠡᠯ ᠢ ᠬᠠᠩᠭᠠᠬᠤ ᠶᠢ ᠨᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭᠠᠷ | ᠵᠢᠭᠡᠯᠡᠯᠭᠡ ᠪᠠᠨ ᠴᠠᠭ ᠲᠤᠬᠠᠢ ᠳᠤ ᠨᠢ ᠲᠠᠯᠪᠢᠵᠤ᠂ ᠵᠢᠭᠡᠯᠡᠯᠭᠡ ᠶᠢᠨ ᠪᠡᠯᠡ ᠮᠥᠩᠭᠦ ᠶᠢ ᠵᠢᠭᠡᠯᠡᠯᠭᠡ ᠶᠢᠨ ᠳᠠᠩᠰᠠᠨ ᠡᠷᠦᠭᠡ ᠳᠤ ᠣᠷᠣᠭᠤᠯᠤᠨ ᠲᠣᠭᠠᠴᠠᠭ᠎ᠠ ᠬᠢᠵᠦ᠂ | ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠵᠢᠭᠡᠯᠡᠯᠭᠡ ᠶᠢᠨ ᠳᠠᠩᠰᠡᠨ ᠡᠷᠦᠭᠡ ᠶᠢ ᠪᠦᠬᠦ ᠶᠠᠪᠤᠴᠠ ᠳᠤ ᠨᠢ ᠬᠢᠨᠠᠨ | ᠡᠵᠡᠮᠳᠡᠬᠦ ᠬᠡᠷᠡᠭᠲᠡᠢ᠃ | ᠲᠠᠪᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ︵ᠨᠢᠭᠡ︶ ᠪᠥᠬᠦ ᠴᠤᠪᠤᠷᠠᠯ ᠳᠤ ᠴᠥᠷᠬᠡᠯᠡᠨ ᠬᠠᠮᠢᠶᠠᠷᠬᠤ᠃ | 1. ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ | ᠪᠠᠩᠬᠢ ᠯᠤᠭ᠎ᠠ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠬᠤᠷᠰᠢᠭᠰᠠᠨ | ᠪᠠᠩᠬᠢ ᠳᠤ ᠵᠢᠭᠡᠯᠡᠯᠭᠡ ᠶᠢᠨ ᠳᠠᠩᠰᠠᠨ ᠡᠷᠦᠬᠡ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠡᠨ ᠡᠷᠦᠬᠡ ᠨᠡᠭᠡᠭᠡᠵᠦ᠂ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠡᠷᠬᠡ ᠣᠯᠭᠤᠯᠲᠠ ᠶᠢ ᠣᠯᠣᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ ᠪᠠᠨ ᠪᠠᠩᠬᠢ ᠠᠵᠤ | ᠠᠬᠤᠶᠢᠯᠠᠯ ᠤᠨ ᠰᠢᠭᠤᠳ ᠬᠤᠯᠪᠣᠬᠤ ᠰᠢᠰᠲ᠋ᠧᠮ ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠪᠠᠶᠢᠭᠤᠯᠬᠤ ᠪᠠᠨ ᠪᠡᠶᠡᠯᠡᠭᠦᠯᠦᠨ᠎ᠡ᠃ | 2. ᠬᠠᠳᠠᠭᠠᠯᠠᠭᠰᠠᠨ ᠪᠠᠷᠠᠭ᠎ᠠ ᠶᠢᠨ ᠬᠠᠮᠢᠶᠠᠷᠤᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠬᠠᠮᠲᠤᠷᠠᠨ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠯᠤᠭ᠎ᠠ ︽ᠬᠠᠳᠠᠭᠠᠯᠠᠭᠰᠠᠨ ᠪᠠᠷᠠᠭ᠎ᠠ ᠶᠢ ᠨᠠᠶᠢᠳᠠᠵᠤ ᠬᠢᠨᠠᠨ | ᠬᠠᠮᠢᠶᠠᠷᠤᠭᠤᠯᠬᠤ ᠵᠥᠪᠯᠡᠯᠴᠡᠭᠡᠷ︾ ᠲᠣᠭᠲᠠᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ | ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠭᠡᠳ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ 24 ᠴᠠᠭ | ᠲᠠᠰᠤᠯᠳᠠᠭᠤᠯᠤᠯ ᠦᠭᠡᠢ ᠪᠠᠷ ᠬᠢᠨᠠᠨ ᠡᠵᠡᠮᠳᠡᠵᠦ ᠬᠠᠮᠢᠶᠠᠷᠤᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ ᠠᠴᠠ ᠵᠥᠷᠢᠴᠡᠬᠦ ᠵᠦᠢᠯ | ᠵᠤᠷᠪᠤᠰ ᠤᠳ ᠢ ᠴᠥᠮ ᠳᠡᠭᠡᠷ᠎ᠡ ᠳᠤᠷᠠᠳᠤᠭᠰᠠᠨ ᠵᠥᠪᠯᠡᠯᠴᠡᠭᠡᠷ ᠲᠤ ᠨᠠᠷᠢᠨ ᠪᠣᠯᠵᠣᠨ ᠲᠣᠭᠲᠠᠬᠤ ᠬᠡᠷᠡᠭᠲᠡᠢ᠂ ᠡᠭᠦᠨ ᠳᠤ᠂ ᠬᠢᠨᠠᠨ ᠡᠵᠡᠮᠳᠡᠵᠦ ᠬᠠᠮᠢᠶᠠᠷᠬᠤ | ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠲᠠᠬᠤ ᠪᠣᠯᠪᠠᠴᠤ ᠡᠳᠡᠭᠡᠷ ᠲᠤ ᠯᠡ ᠬᠢᠵᠠᠭᠠᠷᠯᠠᠭᠳᠠᠬᠤ ᠦᠭᠡᠢ᠄ | ︵1︶ ᠬᠠᠳᠠᠭᠠᠯᠠᠭᠰᠠᠨ ᠪᠠᠷᠠᠭ᠎ᠠ ᠶᠢ ᠬᠠᠷᠭᠤᠭᠤᠯᠤᠨ ᠪᠠᠶᠢᠴᠠᠭᠠᠬᠤ᠃ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠳᠠᠭᠤᠰᠤᠭᠰᠠᠨ ᠤ ᠳᠠᠷᠠᠭ᠎ᠠ᠂ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠠᠴᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ ᠬᠢᠨᠢ ᠪᠠᠶᠢᠳᠠᠯ ᠳᠤ ᠬᠠᠷᠭᠤᠭᠤᠯᠤᠨ ᠪᠠᠶᠢᠴᠠᠭᠠᠯᠲᠠ | ᠬᠢᠬᠦ ᠶᠢᠨ ᠬᠠᠮᠲᠤ ᠲᠡᠮᠳᠡᠭ ᠲᠠᠯᠪᠢᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠶᠢᠨ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ | ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠨᠢᠭᠲᠠᠯᠠᠨ ᠪᠤᠳᠤᠬᠤ ᠲᠠᠩᠰᠠ᠂ ᠬᠥᠮᠥᠷᠭᠡᠯᠡᠨ ᠬᠠᠳᠠᠭᠠᠯᠠᠨ ᠬᠠᠮᠢᠶᠠᠷᠴᠤ ᠪᠠᠶᠢᠭ᠎ᠠ ᠲᠠᠩᠰᠠ ᠬᠠᠷ᠎ᠠ ᠪᠠ ᠲᠤᠭ᠎ᠠ | ᠪᠦᠷᠢᠳᠬᠡᠯ ᠤᠨ ᠲᠠᠩᠰᠠ ᠶᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠨᠢ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵2︶ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ᠃ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ ᠳᠤ ᠲᠤᠬᠠᠢ ᠶᠢᠨ ᠲᠠᠯᠠᠪᠤᠷ ᠤᠨ ᠬᠢᠨᠠᠯᠲᠠ | ᠬᠠᠮᠢᠶᠠᠷᠤᠯᠲᠠ ᠪᠠ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ ᠢ ᠠᠪᠤᠨ᠎ᠠ᠃ | ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠭᠡᠳ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ | ᠪᠦᠭᠦᠨ ᠢᠶᠠᠷ ᠨᠢ ᠬᠠᠷᠭᠤᠭᠤᠯᠤᠨ ᠪᠠᠶᠢᠴᠠᠭᠠᠬᠤ ᠬᠡᠪᠴᠢᠶᠡᠨ ᠳᠤ ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ | ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠥᠪᠡᠷ ᠤᠨ ᠥᠷᠲᠡᠭ ᠵᠢᠴᠢ ᠬᠤᠪᠢᠷᠠᠯᠲᠠ ᠶᠢᠨ ᠪᠠᠶᠢᠳᠠᠯ ᠢ ᠨᠢ ᠡᠵᠡᠮᠰᠢᠬᠦ ᠬᠡᠷᠡᠭᠲᠡᠢ᠃ ᠭᠤᠷᠪᠠᠳᠠᠭᠢ ᠡᠲᠡᠭᠡᠳ ᠤᠨ | ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠤ ᠬᠠᠳᠠᠭᠠᠯᠠᠭᠰᠠᠨ ᠪᠠᠷᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ | ᠬᠢᠵᠦ᠂ ᠭᠠᠷᠠᠭ ᠪᠦᠷᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠪᠠᠨ | ᠮᠡᠳᠡᠭᠦᠯᠦᠨ ᠬᠦᠷᠭᠡᠵᠦ᠂ ᠬᠠᠳᠠᠭᠠᠯᠠᠭᠰᠠᠨ ᠪᠠᠷᠠᠭ᠎ᠠ ᠶᠢᠨ ᠲᠤᠬᠠᠢ ᠶᠢᠨ ᠴᠠᠭ ᠤᠨ ᠬᠤᠪᠢᠷᠠᠯᠲᠠ ᠶᠢᠨ ᠪᠠᠶᠢᠳᠠᠯ ᠢ ᠳᠠᠩᠰᠠᠯᠠᠨ ᠲᠡᠮᠳᠡᠭᠯᠡᠬᠦ ᠠᠵᠢᠯ ᠢᠶᠠᠨ ᠰᠠᠶᠢᠲᠤᠷ ᠬᠢᠵᠦ᠂ | ᠬᠡᠪ ᠤᠨ ᠪᠤᠰᠤ ᠪᠠᠶᠢᠳᠠᠯ ᠵᠡᠷᠭᠡ ᠴᠢᠬᠤᠯᠠ ᠶᠡᠭᠡ ᠵᠦᠢᠯᠡᠰ ᠢ ᠣᠯᠵᠤ ᠮᠡᠳᠡᠪᠡᠯ᠂ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ | ᠠᠪᠬᠤ ᠬᠡᠷᠡᠭᠲᠡᠢ᠃ | ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠨᠢᠭᠲᠠᠯᠠᠨ ᠪᠣᠳᠣᠬᠤ᠂ ᠲᠤᠭ᠎ᠠ ᠪᠦᠷᠢᠳᠬᠡᠯ᠂ ᠬᠠᠳᠠᠭᠠᠯᠠᠨ ᠬᠠᠮᠢᠶᠠᠷᠬᠤ ᠳᠠᠩᠰᠠ ᠬᠠᠷ᠎ᠠ ᠪᠠ ᠥᠪᠡᠷ ᠤᠨ ᠬᠢᠨ ᠪᠦᠷᠢᠳᠬᠡᠭᠰᠡᠨ | ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ᠂ ᠪᠣᠳᠠᠲᠠᠢ ᠬᠠᠳᠠᠭᠠᠯᠠᠭᠰᠠᠨ ᠪᠠᠷᠠᠭ᠎ᠠ ᠶᠢ ᠬᠤᠷᠰᠢᠭᠰᠠᠨ ᠪᠠᠩᠬᠢ ᠯᠤᠭ᠎ᠠ ᠬᠠᠷᠭᠤᠭᠤᠯᠵᠤ᠂ ᠪᠠᠩᠬᠢ ᠪᠠ ᠠᠵᠤ | ᠠᠬᠤᠶᠢᠯᠠᠯ ᠤᠨ ᠳᠠᠩᠰᠠ ᠪᠦᠷᠢ ᠨᠢ ᠬᠠᠷᠢᠯᠴᠠᠨ ᠨᠡᠶᠢᠴᠡᠬᠦ᠂ ᠠᠵᠤ ᠠᠬᠤᠶᠢᠯᠠᠯ ᠤᠨ ᠳᠠᠩᠰᠠ ᠨᠢ ᠪᠣᠳᠠᠲᠠᠢ ᠲᠠᠢ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ | 3. ᠪᠤᠴᠠᠭᠠᠨ ᠬᠤᠷᠢᠶᠠᠬᠤ ᠬᠠᠮᠢᠶᠠᠷᠤᠯᠲᠠ᠃ | ︵1︶ ᠬᠤᠳᠠᠯᠳᠤᠬᠤ ᠳᠤ ᠪᠠᠨ ᠨᠡᠪᠲᠡᠷᠡᠭᠦᠯᠦᠨ ᠮᠡᠳᠡᠭᠡᠯᠡᠬᠦ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ | ᠪᠠᠷᠠᠭ᠎ᠠ ᠶᠢ ᠬᠤᠳᠠᠯᠳᠤᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ | ᠬᠤᠷᠰᠢᠭᠰᠠᠨ ᠪᠠᠩᠬᠢ ᠳᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠭᠡᠯᠡᠬᠦ ᠪᠣᠳᠠᠲᠠᠢ ᠠᠷᠭ᠎ᠠ ᠮᠠᠶ᠋ᠢᠭ ᠢᠶᠠᠨ ᠭᠤᠷᠪᠠᠨ | ᠪᠠᠶᠢᠭᠤᠯᠤᠮᠵᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ | ᠠᠵᠤ ᠠᠬᠤᠶᠢᠯᠠᠯ ᠤᠨ ᠬᠠᠩᠭᠠᠭᠰᠠᠨ ᠪᠣᠷᠣᠯᠠᠭᠤᠯᠬᠤ ᠮᠡᠳᠡᠭᠡ ᠵᠠᠩᠭᠢ ᠪᠠᠷ᠂ ᠬᠠᠳᠠᠭᠠᠯᠠᠭᠰᠠᠨ ᠪᠠᠷᠠᠭ᠎ᠠ ᠶᠢᠨ ᠲᠡᠮᠳᠡᠭ ᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠶᠢᠨ | ᠪᠣᠷᠤᠯᠠᠭᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ︵2︶ ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ | ᠪᠣᠷᠣᠯᠠᠭᠤᠯᠬᠤ ᠳᠤ ᠬᠤᠷᠰᠢᠭᠰᠠᠨ ᠪᠠᠩᠬᠢ ᠶᠢᠨ ᠨᠡᠭᠡᠭᠡᠭᠰᠡᠨ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠶᠢ ᠬᠡᠷᠡᠭᠯᠡᠨ | ᠳ᠋ᠦᠩᠨᠡᠨ ᠪᠣᠳᠣᠵᠣ᠂ ᠪᠡᠯᠡ ᠮᠥᠩᠭᠦᠨ ᠶᠢᠨ ᠲᠤᠰᠬᠠᠢ ᠵᠣᠭᠤᠰ ᠢ ᠲᠤᠰᠬᠠᠢ ᠬᠡᠷᠡᠭᠯᠡᠵᠦ᠂ ᠠᠶᠤᠯ ᠦᠭᠡᠢ ᠪᠠᠷ ᠡᠭᠡᠭᠦᠯᠦᠨ ᠬᠤᠷᠢᠶᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠨ ᠬᠤᠳᠠᠯᠳᠤᠭᠠᠳ ᠬᠠᠳᠠᠭᠠᠯᠠᠯᠲᠠ ᠶᠢᠨ ᠪᠠᠷᠠᠭ᠎ᠠ ᠪᠣᠢ | ᠪᠣᠯᠤᠭᠰᠠᠨ ᠤ ᠳᠠᠷᠠᠭ᠎ᠠ᠂ ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠡᠬᠡ ᠮᠥᠩᠭᠦ ᠪᠠᠨ ᠴᠠᠭ ᠲᠤᠬᠠᠢ ᠳᠤ ᠨᠢ ᠪᠤᠴᠠᠭᠠᠨ ᠠᠪᠬᠤ ᠬᠡᠷᠡᠭᠲᠡᠢ᠃ ᠵᠢᠭᠡᠯᠡᠯᠭᠡ ᠶᠢᠨ ᠡᠬᠡ | ᠮᠥᠩᠭᠦ ᠪᠠᠨ ᠪᠦᠷᠢᠮᠦᠰᠦᠨ ᠡᠭᠡᠭᠦᠯᠵᠦ ᠬᠤᠷᠢᠶᠠᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠵᠦ ᠪᠡᠯᠡ ᠮᠥᠩᠭᠦ | ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠨᠡᠭᠡᠭᠡᠬᠦ ᠵᠢᠴᠢ ᠵᠣᠭᠤᠰ ᠢᠶᠠᠨ ᠴᠠᠭ ᠲᠤ ᠪᠠᠨ | ᠪᠤᠴᠠᠭᠠᠭᠰᠠᠨ ᠦᠭᠡᠢ ᠪᠠᠶᠢᠬᠤ ᠶᠢ ᠣᠯᠵᠤ ᠮᠡᠳᠡᠪᠡᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠶᠢ | ᠲᠡᠪᠴᠢᠪᠡᠯ᠂ ᠲᠡᠭᠦᠨ ᠢ ᠠᠵᠤ ᠠᠬᠤᠶᠢᠯᠠᠯ ᠤᠨ ︽ᠬᠠᠷ᠎ᠠ ᠳᠠᠩᠰᠡᠨ︾ ᠳᠤ ᠵᠢᠭᠰᠠᠭᠠᠨ ᠣᠷᠣᠭᠤᠯᠬᠤ ᠶᠢᠨ ᠬᠠᠮᠲᠤ᠂ ︽ᠬᠠᠷ᠎ᠠ ᠳᠠᠩᠰᠠ︾ ᠶᠢᠨ ᠪᠠᠶᠢᠳᠠᠯ ᠢ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠤᠶᠢᠰᠢᠳᠠ ᠡᠯ᠎ᠡ ᠵᠦᠢᠯ ᠤᠨ ᠡᠳ᠋ ᠤᠨ ᠵᠠᠰᠠᠭ ᠤᠨ ᠲᠡᠳᠬᠦᠮᠵᠢ ᠶᠢᠨ ᠪᠡᠯᠡ | ᠮᠥᠩᠭᠦ ᠶᠢ ᠬᠦᠷᠲᠡᠵᠦ ᠪᠣᠯᠬᠤ ᠦᠭᠡᠢ᠃ | ︵ᠬᠤᠶᠠᠷ︶ ᠬᠤᠭᠤᠴᠠᠭ᠎ᠠ ᠬᠡᠲᠦᠷᠡᠬᠦ᠂ ᠣᠷᠣᠯᠠᠨ ᠲᠥᠯᠥᠬᠦ ᠪᠠ ᠨᠡᠬᠡᠮᠵᠢᠯᠡᠨ ᠠᠪᠬᠤ᠃ ᠵᠢᠭᠡᠯᠡᠯᠭᠡ ᠶᠢᠨ ᠬᠤᠭᠤᠴᠠᠭ᠎ᠠ ᠲᠤᠯᠬᠤ ᠠᠴᠠ 60 ᠡᠳᠦᠷ ᠤᠨ ᠡᠮᠦᠨ᠎ᠡ᠂ | ᠬᠤᠷᠰᠢᠭᠰᠠᠨ ᠪᠠᠩᠬᠢ ᠪᠣᠯᠣᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠳᠤ ᠵᠣᠭᠤᠰ ᠢᠶᠠᠨ | ᠪᠤᠴᠠᠭᠠᠬᠤ ᠡᠭᠦᠷᠭᠡ ᠪᠠᠨ ᠴᠠᠭ ᠲᠤ ᠪᠠᠨ ᠭᠦᠢᠴᠡᠳᠬᠡᠬᠦ ᠶᠢ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠠᠵᠤ ᠠᠬᠤᠶᠢᠯᠠᠯ ᠤᠨ ᠵᠢᠭᠡᠯᠡᠯᠭᠡ ᠨᠢ ᠬᠤᠭᠤᠴᠠᠭ᠎ᠠ ᠠᠴᠠ | ᠬᠡᠲᠦᠷᠡᠬᠦ ᠦᠶ᠎ᠡ ᠳᠤ᠂ ᠬᠤᠷᠰᠢᠭᠰᠠᠨ ᠪᠠᠩᠬᠢ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠲᠠᠰᠤ ᠪᠠᠷ ᠮᠡᠳᠡᠭᠳᠡᠬᠦ᠂ ᠪᠣᠳᠠᠲᠠᠢ ᠭᠠᠵᠠᠷ ᠲᠤ ᠨᠢ | ᠬᠦᠷᠴᠦ ᠨᠡᠬᠡᠮᠵᠢᠯᠡᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠵᠣᠭᠤᠰ ᠢᠶᠠᠨ ᠲᠦᠷᠭᠡᠬᠡᠨ ᠪᠤᠴᠠᠭᠠᠬᠤ ᠪᠠᠷ ᠰᠢᠮᠳᠠᠭᠤᠯᠵᠤ᠂ ᠣᠯᠠᠨ ᠤᠳᠠᠭ᠎ᠠ | ᠨᠡᠬᠡᠮᠵᠢᠯᠡᠨ ᠬᠤᠷᠢᠶᠠᠭᠰᠠᠨ ᠳᠤ ᠳ᠋ᠦᠩ ᠭᠠᠷᠤᠭᠰᠠᠨ ᠦᠭᠡᠢ ᠮᠥᠷᠲᠡᠭᠡᠨ 3 ᠰᠠᠷ᠎ᠠ ᠠᠴᠠ ᠳᠡᠭᠡᠭᠰᠢ ᠬᠤᠭᠤᠴᠠᠭ᠎ᠠ ᠬᠡᠲᠦᠷᠡᠭᠰᠡᠨ ᠪᠠᠶᠢᠪᠠᠯ᠂ ᠲᠦᠭᠰᠢᠭᠦᠷᠢ ᠶᠢᠨ | ᠪᠠᠲᠤᠯᠠᠭ᠎ᠠ ᠶᠢᠨ ᠮᠥᠩᠭᠦ᠂ ᠬᠥᠲᠥᠯᠥᠨ ᠵᠢᠯᠤᠭᠤᠳᠬᠤ ᠪᠡᠯᠡ ᠮᠥᠩᠭᠦ ᠶᠢ ᠨᠢ ᠬᠤᠪᠢᠶᠠᠷᠢᠯᠠᠨ ᠰᠠᠭᠤᠯᠭᠠᠬᠤ ᠲᠠᠰ ᠳᠠᠷᠠᠭᠠᠯᠠᠯ ᠳᠤ ᠣᠷᠣᠭᠤᠯᠤᠨ᠎ᠠ᠃ ᠡᠩ ᠲᠡᠷᠢᠭᠦᠨ ᠳᠤ | ᠠᠵᠤ ᠠᠬᠤᠶᠢᠯᠠᠯ ᠪᠣᠯᠣᠨ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ | ᠵᠢᠴᠢ ᠬᠦᠦ ᠮᠥᠩᠭᠦ ᠶᠢᠨ ᠣᠷᠣᠯᠭ᠎ᠠ ᠶᠢ ᠰᠠᠭᠤᠯᠭᠠᠨ ᠠᠪᠴᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ ᠡᠬᠡ ᠬᠦᠦ ᠮᠥᠩᠭᠦ ᠶᠢ ᠣᠷᠣᠯᠠᠨ ᠲᠥᠯᠥᠵᠦ᠂ ᠬᠦᠷᠦᠯᠴᠡᠬᠦ | ᠦᠭᠡᠢ ᠬᠡᠰᠡᠭ ᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ︶ ᠪᠣᠯᠣᠨ | ᠬᠤᠷᠰᠢᠭᠰᠠᠨ ᠪᠠᠩᠬᠢ 7:3 ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃ ᠬᠤᠷᠰᠢᠭᠰᠠᠨ ᠪᠠᠩᠬᠢ ᠨᠢ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ ᠢ ᠰᠠᠶᠢᠲᠤᠷ ᠬᠢᠵᠦ᠂ ᠲᠥᠯᠥᠪᠦᠷᠢ ᠶᠢ ᠨᠡᠬᠡᠮᠵᠢᠯᠡᠭᠡᠳ ᠳ᠋ᠦᠩ ᠭᠠᠷᠤᠭᠰᠠᠨ | ᠦᠭᠡᠢ ᠪᠣᠯ ᠴᠠᠭ ᠲᠤᠬᠠᠢ ᠳᠤ ᠨᠢ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠵᠠᠷᠭᠤ ᠬᠢᠬᠦ ᠬᠡᠷᠡᠭᠲᠡᠢ᠂ ᠡᠨᠡ ᠬᠦ ᠬᠤᠭᠤᠴᠠᠭᠠᠨ ᠳᠤ ᠡᠭᠦᠰᠣᠭ᠍ᠰᠡᠨ | ᠵᠠᠷᠭᠤ ᠶᠢᠨ ᠵᠠᠷᠤᠳᠠᠯ᠂ ᠭᠦᠢᠴᠡᠳᠬᠡᠬᠦ ᠵᠠᠷᠤᠳᠠᠯ᠂ ᠦᠨᠡᠯᠡᠨ ᠵᠢᠱᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠲᠦᠭᠰᠢᠭᠦᠷᠢ ᠶᠢ ᠳᠠᠭᠠᠭᠠᠨ ᠡᠭᠦᠷᠭᠡᠯᠡᠬᠦ ᠬᠠᠷᠢᠴᠠᠯ | ᠶᠣᠰᠣᠭᠠᠷ ᠲᠡᠰᠬᠡᠨ ᠨᠣᠭᠳᠠᠭᠤᠯᠬᠤ ᠬᠡᠷᠡᠭᠲᠡᠢ᠃ | ︵ᠭᠤᠷᠪᠠ︶ ᠬᠥᠲᠥᠯᠥᠨ ᠵᠢᠯᠤᠭᠤᠳᠬᠤ ᠪᠡᠯᠡ ᠮᠥᠩᠭᠦᠨ ᠤ ᠲᠦᠭᠰᠢᠭᠦᠷᠢ ᠶᠢ ᠰᠡᠷᠡᠮᠵᠢᠯᠡᠭᠦᠯᠬᠦ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠰᠠᠷ᠎ᠠ ᠪᠦᠷᠢ ᠬᠤᠷᠰᠢᠭᠰᠠᠨ ᠪᠠᠩᠬᠢ ᠯᠤᠭ᠎ᠠ ᠲᠦᠭᠰᠢᠭᠦᠷᠢ ᠶᠢ ᠣᠷᠣᠯᠠᠨ ᠲᠥᠯᠥᠬᠦ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠬᠠᠷᠭᠤᠭᠤᠯᠬᠤ ᠶᠢᠨ | ᠬᠠᠮᠲᠤ᠂ ᠬᠡᠷᠡᠭᠯᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠵᠡᠷᠭᠡ ᠳᠤ ᠨᠢ ᠵᠢᠭᠡᠯᠡᠯᠭᠡ ᠭᠤᠶᠤᠴᠢᠯᠠᠭᠰᠠᠨ | ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ | ᠬᠦᠷᠭᠡᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠪᠣᠳᠠᠲᠠᠢ ᠠᠵᠢᠯᠯᠠᠭᠠᠨ ᠤ ᠪᠠᠶᠢᠳᠠᠯ ᠢ | ᠦᠨᠳᠦᠰᠦᠯᠡᠨ ᠲᠦᠭᠰᠢᠭᠦᠷᠢ ᠳᠤ ᠬᠢᠨᠠᠨ ᠰᠢᠨᠵᠢᠯᠲᠡ ᠬᠢᠵᠦ᠂ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠣᠷᠣᠯᠠᠨ ᠲᠥᠯᠥᠭᠰᠡᠨ ᠨᠣᠷᠮ᠎ᠠ ᠶᠢᠨ ᠨᠡᠶᠢᠯᠡᠪᠦᠷᠢ ᠨᠢ | 3% ᠠᠴᠠ ᠳᠡᠭᠡᠭᠰᠢ ᠪᠣᠯᠬᠤ ᠦᠶ᠎ᠡ ᠳᠤ ︵ᠲᠤᠰ ᠵᠢᠯ ᠣᠷᠣᠯᠠᠨ ᠲᠥᠯᠥᠭᠰᠡᠨ ᠲᠤᠭ᠎ᠠ ᠶᠢᠨ ᠨᠡᠶᠢᠯᠡᠪᠦᠷᠢ / ᠲᠤᠰ ᠵᠢᠯ ᠪᠤᠴᠠᠭᠠᠭᠰᠠᠨ ᠵᠣᠭᠤᠰᠤᠨ ᠤ ᠲᠤᠭ᠎ᠠ ᠶᠢᠨ | ᠨᠡᠶᠢᠯᠡᠪᠦᠷᠢ × 100 %︶᠂ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠶᠢᠨ ᠲᠤᠬᠠᠶᠢᠯᠠᠭᠰᠠᠨ ᠠᠵᠢᠯ ᠠᠴᠠ ᠭᠠᠳᠠᠨ᠎ᠠ᠂ ᠰᠢᠨ᠎ᠡ ᠪᠠᠷ ᠨᠡᠮᠡᠭᠳᠡᠬᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠬᠤᠷᠰᠢᠭᠰᠠᠨ ᠪᠠᠩᠬᠢ ᠪᠣᠯᠣᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠢᠭᠡᠨᠲᠡ | ᠡᠭᠦᠰᠦᠭᠰᠡᠨ ᠡᠷᠡᠭᠦᠯ ᠪᠤᠰᠤ ᠵᠢᠭᠡᠯᠡᠯᠭᠡ ᠶᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ ᠪᠠᠨ ᠡᠷᠬᠡᠪᠰᠢ ᠦᠷᠭᠦᠯᠵᠢᠯᠡᠨ ᠭᠦᠢᠴᠡᠳᠬᠡᠵᠦ᠂ ᠣᠷᠣᠯᠠᠨ ᠲᠥᠯᠥᠬᠦ | ᠨᠣᠷᠮ᠎ᠠ ᠨᠢ ᠰᠡᠷᠡᠮᠵᠢᠯᠡᠭᠦᠯᠬᠦ ᠱᠤᠭᠤᠮ ᠠᠴᠠ ᠳᠣᠣᠷ᠎ᠠ ᠪᠣᠯᠤᠭᠰᠠᠨ ᠤ ᠳᠠᠷᠠᠭ᠎ᠠ᠂ ᠲᠤᠬᠠᠶᠢᠯᠠᠭᠰᠠᠨ ᠠᠵᠢᠯ ᠢᠶᠠᠨ ᠳᠠᠬᠢᠵᠤ ᠥᠷᠨᠢᠭᠦᠯᠵᠦ ᠪᠣᠯᠣᠨ᠎ᠠ᠃ | ︵ᠳᠥᠷᠪᠡ︶ ᠠᠯᠳᠠᠰᠢ ᠶᠢ ᠠᠭᠤᠴᠢᠯᠠᠵᠤ ᠵᠠᠯᠠᠷᠠᠭᠤᠯᠬᠤ᠃ ᠠᠵᠢᠯ ᠳᠤᠮᠳᠠ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠢ ᠨᠡᠶᠢᠴᠡᠬᠦ ᠦᠢᠯᠡ ᠠᠵᠢᠯᠯᠠᠭ᠎ᠠ | ᠢᠯᠡᠷᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠳᠠᠰᠢ ᠶᠢ ᠨᠢ ᠠᠭᠤᠴᠢᠯᠠᠨ ᠰᠢᠢᠳᠪᠦᠷᠢᠯᠡᠵᠦ | ᠪᠣᠯᠣᠨ᠎ᠠ᠄ | 1. ᠠᠵᠤ ᠠᠬᠤᠶᠢᠯᠠᠯ ᠨᠢ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠪᠤᠶᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠴᠠ ᠪᠣᠯᠵᠤ | ᠲᠥᠷᠥᠯ ᠵᠦᠢᠯ ᠤᠨ ᠠᠬᠢᠯᠲᠠ ᠪᠠ ᠬᠡᠷᠡᠭᠵᠢᠭᠦᠯᠬᠦ ᠶᠢᠨ ᠦᠷ᠎ᠡ ᠳ᠋ᠦᠩ ᠢ ᠨᠥᠯᠥᠭᠡᠯᠡᠭᠰᠡᠨ︔ | 2. ᠬᠠᠷᠢᠭᠤᠴᠠᠯᠭᠠᠲᠤ ᠰᠠᠯᠠᠭ᠎ᠠ ᠮᠥᠴᠢᠷ ᠨᠢ ᠲᠥᠷᠥᠯ ᠵᠦᠢᠯ ᠢ ᠠᠬᠢᠭᠤᠯᠬᠤ ᠶᠠᠪᠤᠴᠠ ᠳᠤ᠂ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ | ᠦᠭᠡᠢ᠂ ᠤᠷᠢᠳ ᠢᠶᠠᠷ ᠬᠡᠷᠡᠭᠵᠢᠭᠦᠯᠵᠦ ᠲᠤᠷᠰᠢᠭᠰᠠᠨ᠂ ᠲᠤᠷᠰᠢᠯᠭ᠎ᠠ ᠳᠤᠲᠠᠮᠠᠭ ᠠᠴᠠ ᠪᠣᠯᠵᠤ᠂ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠬᠦᠷᠭᠡᠭᠰᠡᠨ | ᠦᠭᠡᠢ︔ | 3. ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠳᠤ ᠦᠢᠯᠡᠴᠢᠯᠡᠬᠦ ᠳᠤᠮᠳᠠ ᠬᠦᠴᠦᠨ ᠴᠢᠳᠠᠪᠤᠷᠢ ᠪᠠᠨ | ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢᠨ ᠲᠥᠯᠥᠭᠡ ᠵᠣᠬᠢᠬᠤ ᠬᠡᠮᠵᠢᠶᠡᠨ ᠤ ᠦ ᠰᠡᠪ ᠭᠠᠷᠭᠠᠭᠰᠠᠨ ᠪᠣᠯᠪᠠᠴᠤ ᠬᠤᠬᠢᠷᠠᠯ | ᠤᠴᠠᠷᠠᠭᠤᠯᠤᠭᠰᠠᠨ ᠦᠭᠡᠢ︔ | 4. ᠬᠠᠷᠢᠭᠤᠴᠠᠯᠭᠠᠲᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠳᠡᠭᠡᠳᠦ | ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ | ᠦᠭᠡᠢ ᠠᠴᠠ ᠪᠣᠯᠵᠤ᠂ ᠪᠤᠰᠤᠳᠴᠢ ᠨᠥᠬᠦᠴᠡᠯ ᠳᠤ ᠬᠢᠵᠠᠭᠠᠷᠯᠠᠭᠳᠠᠵᠤ᠂ ᠬᠡᠷᠡᠭᠵᠢᠭᠦᠯᠬᠦ ᠶᠢᠨ ᠦᠷ᠎ᠡ ᠳ᠋ᠦᠩ ᠢ ᠨᠥᠯᠥᠭᠡᠯᠡᠭᠰᠡᠨ︔ | 5. ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠨᠢ ᠨᠢᠭᠡᠳᠦᠯ ᠦᠭᠡᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ | ᠬᠠᠷᠢᠭᠤᠴᠠᠯᠭ᠎ᠠ ᠶᠢᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠤ ᠬᠠᠮᠢᠶᠠᠷᠬᠤ ᠶᠢᠨ ᠬᠤᠭᠤᠰᠤᠨ ᠵᠦᠢᠯ ᠳᠤ | ᠬᠠᠷᠢᠶᠠᠯᠠᠭᠳᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠵᠤ᠂ ᠠᠰᠠᠭᠤᠳᠠᠯ ᠢ ᠰᠢᠢᠳᠪᠦᠷᠢᠯᠡᠨ᠂ ᠬᠤᠬᠢᠷᠠᠯ ᠤᠴᠠᠷᠠᠭᠤᠯᠤᠭᠰᠠᠨ ᠦᠭᠡᠢ︔ | 6. ᠠᠯᠳᠠᠰᠢ ᠶᠢ ᠨᠢ ᠠᠭᠤᠴᠢᠯᠠᠬᠤ ᠪᠤᠰᠤᠳ ᠪᠠᠶᠢᠳᠠᠯ ᠳᠤ ᠨᠡᠶᠢᠴᠡᠬᠦ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠢ᠃ | ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠥᠲᠥᠯᠥᠨ | ᠵᠢᠯᠤᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ ᠤ ᠲᠥᠰᠥᠪ ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭᠠᠨ ᠥᠭᠬᠦ | ᠪᠠ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠲᠠ︹ᠬᠤᠰᠢᠭᠤ ᠰᠢᠶᠠᠨ ︵ᠬᠤᠲᠠ᠂ ᠲᠣᠭᠤᠷᠢᠭ︶︺ ᠶᠢᠨ ᠡᠳ᠋ ᠤᠨ ᠵᠠᠰᠠᠭ ᠨᠢ | ᠲᠤᠬᠠᠢ ᠶᠢᠨ ᠭᠠᠵᠠᠷ ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠵᠣᠭᠤᠰᠤᠨ ᠤ ᠲᠤᠭ᠎ᠠ ᠪᠠᠷ ᠢᠵᠢ ᠪᠦᠷᠢᠳᠦᠭᠦᠯᠬᠦ ᠪᠡᠯᠡ ᠮᠥᠩᠭᠦ ᠶᠢᠨ | ᠲᠥᠰᠥᠪ ᠤᠨ ᠲᠣᠬᠢᠷᠠᠭᠤᠯᠤᠯᠲᠠ ᠵᠢᠴᠢ ᠰᠠᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠨᠢ ᠬᠥᠲᠥᠴᠢ ᠠᠵᠤ ᠠᠬᠤᠶᠢᠯᠠᠯ ᠤᠨ ᠨᠡᠷᠡᠰ ᠢ ᠪᠠᠶᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ ᠮᠡᠳᠡᠭᠡ | ᠵᠠᠩᠭᠢ ᠳᠠᠮᠵᠢᠭᠤᠯᠤᠨ ᠬᠦᠷᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠵᠦᠢᠯ ᠤᠨ | ᠠᠵᠢᠯᠯᠠᠭᠠᠨ ᠤ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠤᠨ ︽ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠶᠢᠨ | ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠪᠠᠶᠢᠭᠤᠯᠬᠤ᠂ ᠮᠠᠭᠤ ᠤᠬᠠᠭᠠᠯᠠᠵᠤ ᠥᠷᠢ ᠥᠭᠴᠡᠭᠡ ᠠᠴᠠ ᠳᠤᠲᠠᠭᠠᠨ ᠵᠠᠶᠢᠯᠠᠬᠤ ᠠᠴᠠ ᠪᠣᠯᠵᠤ | ᠬᠥᠲᠥᠯᠥᠨ ᠵᠢᠯᠤᠭᠤᠳᠬᠤ ᠪᠡᠯᠡ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠠᠵᠤ ᠠᠬᠤᠶᠢᠯᠠᠯ ᠤᠨ ︽ᠬᠠᠷ᠎ᠠ ᠳᠠᠩᠰᠠ︾ ᠳᠤ ᠣᠷᠣᠭᠤᠯᠵᠤ ᠬᠠᠮᠢᠶᠠᠷᠬᠤ ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ | ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠲᠥᠯᠥᠨ ᠵᠢᠯᠤᠭᠤᠳᠴᠤ | ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠰᠢᠯᠭᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | | |