ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 257 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠷᠭ᠎ᠠ︾ ᠶᠢ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 12 ᠳ᠋ᠤᠭᠠᠷ ᠰᠠᠷ᠎ᠠ ᠶᠢᠨ 28 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ | ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ | ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠵᠤ ᠴᠡᠭᠴᠡᠯᠡᠬᠦ ᠲᠣᠭᠲᠠᠯᠴᠠᠭ᠎ᠠ ᠪᠠ ᠵᠠᠰᠠᠵᠤ ᠴᠡᠭᠴᠡᠯᠡᠬᠦ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ | ᠠᠵᠢᠯ ᠦᠢᠯᠡᠰ ᠤᠨ ᠨᠢᠭᠡᠴᠢ ᠨᠦᠭᠦᠳ ᠳᠣᠣᠷᠠᠬᠢ ᠠᠷᠭ᠎ᠠ ᠠᠪᠴᠠᠯ ᠢᠶᠠᠷ ᠳᠠᠮᠵᠢᠭᠤᠯᠵᠤ ᠣᠯᠣᠭᠰᠠᠨ ᠪᠤᠶᠤ ᠪᠣᠶ ᠪᠣᠯᠤᠭᠰᠠᠨ ᠡᠳ᠋ ᠬᠥᠷᠥᠩᠭᠡ ᠶᠢ ᠵᠢᠭᠠᠵᠤ ᠪᠣᠶ᠄ | ︵ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠵᠠᠷᠤᠴᠠᠭᠤᠯᠤᠭᠠᠳ ᠪᠣᠶ ᠪᠣᠯᠤᠭᠰᠠᠨ ᠡᠳ᠋ ᠬᠥᠷᠥᠩᠭᠡ︔ | ︵ᠬᠤᠶᠠᠷ︶ ᠰᠢᠯᠵᠢᠭᠦᠯᠵᠦ ᠥᠭᠬᠦ ᠶᠢ ᠬᠦᠯᠢᠶᠡᠨ ᠠᠪᠤᠭᠰᠠᠨ ᠪᠤᠶᠤ ᠬᠤᠪᠢᠶᠠᠷᠢᠯᠠᠨ ᠰᠢᠯᠵᠢᠭᠦᠯᠬᠦ᠂ ᠰᠣᠯᠢᠬᠤ ᠳᠤ ᠪᠤᠶ ᠪᠣᠯᠤᠭᠰᠠᠨ ᠡᠳ᠋ ᠬᠥᠷᠥᠩᠭᠡ︔ | ︵ᠭᠤᠷᠪᠠ︶ ᠬᠠᠨᠳᠢᠪᠯᠡᠯ ᠢ ᠬᠦᠯᠢᠶᠡᠨ ᠠᠪᠤᠭᠰᠠᠨ ᠪᠥᠭᠡᠳ ᠤᠯᠤᠰ ᠥᠮᠴᠢᠯᠡᠵᠦ ᠪᠠᠶᠢᠬᠤ ᠪᠠᠷ ᠨᠤᠲᠠᠯᠠᠨ ᠲᠣᠭᠲᠠᠭᠠᠭᠳᠠᠭᠰᠠᠨ ᠡᠳ᠋ ᠬᠥᠷᠥᠩᠭᠡ︔ | ︵ᠳᠥᠷᠪᠡ︶ ᠪᠤᠰᠤᠳ ᠤᠯᠤᠰ ᠤᠨ ᠥᠮᠴᠢᠯᠡᠯᠲᠦ ᠡᠳ᠋ ᠬᠥᠷᠥᠩᠭᠡ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠢᠯᠡᠷᠡᠬᠦ ᠬᠡᠯᠪᠡᠷᠢ ᠨᠢ᠄ | ᠭᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠡᠳ᠋ ᠬᠥᠷᠥᠩᠭᠡ᠂ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠥᠷᠥᠩᠭᠡ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠪᠣᠯᠣᠨ᠎ᠠ᠃ | ᠲᠠᠪᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠤᠯᠤᠰ ᠲᠤ ᠥᠮᠴᠢᠯᠡᠭᠳᠡᠵᠦ᠂ | ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠴᠤ ᠡᠵᠡᠮᠰᠢᠬᠦ | ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠮᠤᠷ | ᠲᠦᠪᠰᠢᠨ ᠵᠢᠷᠤᠮᠵᠢᠯ ᠲᠠᠢ᠂ ᠠᠷᠪᠢᠲᠠᠢ ᠪᠥᠭᠡᠳ ᠥᠨᠳᠥᠷ ᠦᠷ᠎ᠡ ᠪᠦᠲᠦᠮᠵᠢᠲᠡᠶ᠂ ᠢᠯᠡ ᠲᠣᠳᠣ ᠪᠠᠶᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠵᠠᠷᠴᠢᠮ ᠢ | ᠵᠢᠷᠤᠮᠯᠠᠨ᠂ ᠪᠣᠳᠠᠲᠤ ᠡᠳ᠋ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ᠂ ᠡᠳ᠋ ᠬᠥᠷᠥᠩᠭᠡ ᠶᠢᠨ ᠬᠠᠮᠢᠶᠠᠷᠤᠯᠲᠠ | ᠬᠢᠭᠡᠳ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ | ᠪᠡᠶᠡᠯᠡᠭᠦᠯᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠠᠬᠢ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ | ᠪᠠᠶᠢᠴᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ | ᠶᠣᠰᠣᠭᠠᠷ ᠭᠦᠢᠴᠡᠳᠬᠡᠵᠦ᠂ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠ ᠠᠯᠪᠠᠨ ᠳᠤ ᠬᠡᠷᠡᠭᠯᠡᠬᠦ ᠲᠡᠷᠭᠡ ᠶᠢᠨ | ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠢ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠂ | ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ | ᠠᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ | ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠵᠢᠭᠠᠨ ᠵᠢᠯᠤᠭᠤᠳᠴᠤ᠂ ᠬᠢᠨᠠᠯᠲᠠ ᠲᠠᠯᠪᠢᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ | ᠶᠣᠰᠣᠭᠠᠷ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ | ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠦᠨ᠎ᠡ᠃ | ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠪᠣᠳᠠᠲᠠᠢ ᠬᠠᠮᠢᠶᠠᠷᠤᠯᠲᠠ ᠶᠢ ᠬᠠᠷᠢᠭᠤᠴᠠᠨ᠂ ᠳᠣᠲᠣᠭᠠᠳᠤ ᠡᠵᠡᠮᠰᠢᠯ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰ | ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ᠂ | ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠭᠡᠳ ᠲᠥᠰᠥᠪ ᠤᠨ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ | ᠰᠢᠯᠵᠢᠭᠦᠯᠦᠨ ᠲᠣᠬᠢᠷᠠᠭᠤᠯᠬᠤ᠂ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠬᠠᠨᠳᠢᠪᠯᠡᠭ᠌ᠰᠠᠨ ᠢ ᠬᠦᠯᠢᠶᠡᠨ ᠠᠪᠬᠤ ᠵᠡᠷᠭᠡ ᠠᠷᠭ᠎ᠠ | ᠮᠠᠶ᠋ᠢᠭ ᠪᠠᠭᠲᠠᠨ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ | ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠵᠤ ᠪᠦᠷᠢᠨᠰᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠲᠣᠬᠢᠷᠠᠭᠤᠯᠤᠯᠲᠠ ᠶᠢᠨ ᠲᠤᠭ᠎ᠠ ᠬᠡᠮᠵᠢᠶ᠎ᠡ᠂ ᠥᠷᠲᠡᠭ᠂ ᠵᠡᠷᠭᠡ ᠳᠡᠰ᠂ | ᠬᠡᠷᠡᠭᠯᠡᠬᠦ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠠᠵᠢᠯᠴᠢ ᠠᠷᠪᠢᠴᠢ ᠠᠷᠪᠢᠯᠠᠨ ᠭᠠᠮᠨᠠᠬᠤ᠂ ᠠᠵᠢᠯ ᠤᠨ ᠠᠮᠵᠢᠯᠲᠠ | ᠪᠦᠲᠦᠮᠵᠢ ᠶᠢ ᠡᠷᠬᠢᠮᠯᠡᠬᠦ ᠪᠠ ᠪᠣᠬᠢᠷᠲᠤᠯ ᠦᠭᠡᠢ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ | ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ᠂ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤ ᠨᠢ | ᠲᠣᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠬᠦ ᠬᠡᠷᠡᠭᠲᠡᠢ᠃ ᠲᠤᠰᠬᠠᠢ ᠬᠡᠷᠡᠭᠯᠡᠬᠦ ᠡᠳ᠋ ᠬᠥᠷᠥᠩᠭᠡ ᠶᠢᠨ ᠲᠣᠬᠢᠷᠠᠭᠤᠯᠬᠤ ᠪᠠᠷᠢᠮᠵᠢᠶ᠎ᠠ ᠶᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠠᠵᠢᠯ ᠲᠥᠷᠥᠯ ᠤᠨ ᠣᠨᠴᠠᠯᠢᠭ ᠢᠶᠠᠨ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢ ᠴᠢᠯᠦᠭᠡᠲᠡᠢ | ᠪᠣᠯᠭᠠᠬᠤ ᠪᠠᠷ ᠳᠠᠮᠵᠢᠭᠤᠯᠵᠤ᠂ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢ ᠭᠦᠢᠴᠡᠳ ᠠᠰᠢᠭᠯᠠᠬᠤ ᠪᠠ ᠲᠣᠬᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ | ᠬᠡᠷᠡᠭᠲᠡᠢ᠃ ᠣᠳᠣ ᠶᠢᠨ ᠪᠠᠶᠢᠭ᠎ᠠ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢᠨ ᠴᠢᠳᠠᠮᠵᠢ ᠶᠢᠨ ᠳᠠᠯᠳᠠ ᠬᠦᠴᠦᠨ ᠢ ᠠᠭᠤᠳᠠᠯᠵᠤ᠂ ᠬᠠᠭᠤᠴᠢᠷᠠᠵᠤ ᠡᠪᠳᠡᠷᠡᠭᠰᠡᠨ ᠢ ᠨᠢ | ᠰᠡᠯᠪᠢᠵᠦ ᠠᠰᠢᠭᠯᠠᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠤ ᠲᠠᠶᠢᠯᠪᠡᠯ᠂ ᠲᠣᠬᠢᠷᠠᠭᠤᠯᠤᠯᠲᠠ ᠪᠠᠨ ᠴᠥᠭᠡᠳᠬᠡᠵᠦ᠂ ᠬᠡᠷᠡᠭᠯᠡᠵᠦ | ᠪᠠᠶᠢᠭ᠎ᠠ ᠡᠳ᠋ ᠬᠥᠷᠥᠩᠭᠡ ᠪᠠ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠭᠡᠨ ᠤ ᠦᠨ᠎ᠡ ᠥᠷᠲᠡᠭ᠂ ᠬᠡᠷᠡᠭᠯᠡᠭᠡᠨ ᠤ ᠦᠷ᠎ᠡ ᠠᠰᠢᠭ ᠢ ᠬᠠᠮᠤᠭ ᠤᠨ | ᠶᠡᠭᠡ ᠪᠠᠷ ᠪᠠᠳᠠᠷᠠᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ | ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠡᠳ᠋ ᠬᠥᠷᠥᠩᠭᠡ ᠶᠢᠨ ᠬᠠᠳᠠᠭᠠᠯᠠᠯᠲᠠ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ | ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ ᠲᠡᠷᠢᠭᠦᠨ ᠳᠤ ᠨᠢ ᠰᠢᠯᠵᠢᠭᠦᠯᠦᠨ | ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠲᠣᠬᠢᠷᠠᠭᠤᠯᠬᠤ ᠬᠡᠷᠡᠭᠲᠡᠢ᠃ ᠰᠢᠯᠵᠢᠭᠦᠯᠦᠨ ᠲᠣᠬᠢᠷᠠᠭᠤᠯᠵᠤ ᠳᠡᠶᠢᠯᠬᠦ ᠦᠭᠡᠢ ᠪᠣᠯ ᠬᠤᠳᠠᠯᠳᠤᠨ | ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠮᠠᠶ᠋ᠢᠭ ᠢ ᠠᠪᠴᠤ ᠪᠣᠯᠣᠨ᠎ᠠ᠃ | ᠠᠷᠪᠠᠨ ᠳᠣᠯᠣᠳᠤᠭᠠᠷ ᠵᠦᠢᠯ ᠴᠢᠬᠤᠯᠠ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭᠠᠨ ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ | ᠪᠠᠶᠢᠭᠤᠯᠬᠤ ᠵᠡᠷᠭᠡ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠᠲᠠᠢ ᠪᠠᠶᠢᠪᠠᠯ᠂ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠰᠢᠢᠳᠪᠦᠷᠢᠯᠡᠨ᠎ᠡ᠃ | ᠦᠨᠡᠨ ᠬᠦ ᠬᠤᠳᠠᠯᠳᠤᠨ ᠠᠪᠬᠤ ᠴᠢᠬᠤᠯᠠᠲᠠᠢ ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠪᠠᠶᠢᠭᠤᠯᠬᠤ ᠶᠢ ᠨᠢ ᠵᠣᠷᠢᠭᠵᠢᠭᠤᠯᠤᠨ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠷ᠎ᠡ | ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠪᠠ ᠲᠣᠮᠣ ᠬᠡᠯᠪᠡᠷᠢ ᠶᠢᠨ ᠬᠤᠷᠠᠯ ︵ᠠᠵᠢᠯᠯᠠᠭ᠎ᠠ︶᠂ ᠲᠥᠷ ᠴᠠᠭ ᠤᠨ ᠪᠠᠶᠢᠭᠤᠯᠤᠮᠵᠢ ᠳᠤ | ᠲᠣᠬᠢᠷᠠᠭᠤᠯᠤᠭᠰᠠᠨ ᠡᠳ᠋ ᠬᠥᠷᠥᠩᠭᠡ ᠵᠡᠷᠭᠡ ᠶᠢ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠳᠤ ᠨᠢᠭᠡᠳᠦᠯᠲᠡᠢ ᠣᠷᠣᠭᠤᠯᠤᠨ ᠲᠥᠪᠯᠡᠷᠡᠭᠦᠯᠦᠨ ᠬᠠᠮᠢᠶᠠᠷᠴᠤ᠂ | ᠲᠣᠬᠢᠷᠠᠭᠤᠯᠤᠨ ᠬᠤᠪᠢᠶᠠᠷᠢᠯᠠᠵᠤ ᠬᠡᠷᠡᠭᠯᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳᠤ ᠪᠠᠨ ᠨᠡᠶᠢᠲᠡ ᠶᠢᠨ ᠡᠳ᠋ ᠪᠠᠷᠠᠭᠠᠨ ᠤ ᠬᠥᠮᠥᠷᠭᠡ ᠠᠴᠠ | ᠰᠢᠯᠵᠢᠭᠦᠯᠦᠨ ᠲᠣᠬᠢᠷᠠᠭᠤᠯᠵᠤ ᠰᠢᠢᠳᠪᠦᠷᠢᠯᠡᠬᠦ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ | ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠳᠣᠲᠣᠭᠠᠳᠤ ᠳᠤ ᠪᠠᠨ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠬᠡᠷᠡᠭᠲᠡᠢ᠃ | ᠬᠡᠷᠡᠭᠯᠡᠭᠡᠨ ᠤ ᠦᠨ᠎ᠡ ᠥᠷᠲᠡᠭ ᠥᠨᠳᠥᠷ᠂ ᠠᠰᠢᠭᠯᠠᠬᠤ ᠬᠡᠪᠴᠢᠶ᠎ᠡ ᠥᠷᠭᠡᠨ ᠪᠠᠶᠢᠬᠤ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ | ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠵᠡᠷᠭᠡ ᠠᠯᠤᠰᠯᠠᠨ ᠰᠢᠯᠵᠢᠭᠦᠯᠦᠨ ᠲᠣᠬᠢᠷᠠᠭᠤᠯᠬᠤ ᠶᠢ ᠨᠢ ᠢᠳᠡᠪᠬᠢᠲᠡᠢ ᠠᠬᠢᠭᠤᠯᠬᠤ | ᠬᠡᠷᠡᠭᠲᠡᠢ︔ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠨᠡᠳᠬᠡᠬᠦ ᠴᠢᠬᠤᠯᠠᠲᠠᠢ ᠪᠣᠯᠪᠠᠴᠤ ᠮᠥᠨ ᠬᠦ ᠬᠡᠷᠡᠭᠯᠡᠭᠡᠨ ᠤ ᠦᠨ᠎ᠡ ᠥᠷᠲᠡᠭ ᠲᠠᠢ ᠡᠳ᠋ ᠬᠥᠷᠥᠩᠭᠡ ᠶᠢ | ᠬᠡᠷᠡᠭᠴᠡᠭᠡ ᠶᠢ ᠨᠢ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ ᠪᠣᠯᠬᠤ ᠰᠠᠯᠠᠭ᠎ᠠ ᠮᠥᠴᠢᠷ᠂ ᠨᠢᠭᠡᠴᠢ ᠳᠤ | ᠰᠢᠯᠵᠢᠭᠦᠯᠦᠨ ᠲᠣᠬᠢᠷᠠᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢ | ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠢ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ | ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ | ᠡᠵᠡᠩᠨᠡᠯᠲᠡ ᠪᠠ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠬᠦ ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠭᠦ | ᠬᠡᠷᠡᠭᠲᠡᠢ᠃ | ᠬᠤᠷᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ | ᠲᠦᠷᠢᠶᠡᠰᠦᠯᠡᠨ ᠬᠡᠷᠡᠭᠯᠡᠬᠦ ᠳᠤ ᠡᠳ᠋ ᠬᠥᠷᠥᠩᠭᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠤᠨ᠂ ᠡᠳ᠋ ᠬᠥᠷᠥᠩᠭᠡ ᠲᠣᠬᠢᠷᠠᠭᠤᠯᠬᠤ ᠬᠠᠮᠢᠶ᠎ᠠ ᠪᠦᠬᠦᠢ | ᠵᠠᠷᠤᠯᠭ᠎ᠠ ᠶᠢᠨ ᠲᠥᠰᠥᠪ ᠢᠶᠠᠨ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠴᠣᠬᠤᠯᠠᠪᠤᠷᠢᠯᠠᠭᠰᠠᠨ ᠲᠥᠰᠥᠪ ᠤᠨ ᠶᠣᠰᠣᠭᠠᠷ ᠡᠳ᠋ ᠬᠥᠷᠥᠩᠭᠡ ᠪᠠᠨ ᠲᠣᠬᠢᠷᠠᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠳ᠋ ᠬᠥᠷᠥᠩᠭᠡ ᠶᠢ ᠴᠢᠯᠦᠭᠡᠲᠡᠢ | ᠪᠣᠯᠭᠠᠬᠤ ᠦᠷ᠎ᠡ ᠪᠦᠲᠦᠮᠵᠢ ᠪᠠᠨ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠲᠣᠬᠢᠷᠠᠭᠤᠯᠬᠤ ᠲᠥᠰᠥᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ | ᠲᠥᠰᠥᠪ ᠤᠨ ᠬᠢᠵᠠᠭᠠᠷᠯᠠᠯ ᠢᠶᠠᠷ ᠳᠠᠮᠵᠢᠭᠤᠯᠤᠨ ᠡᠳ᠋ ᠬᠥᠷᠥᠩᠭᠡ ᠶᠢ ᠴᠢᠯᠦᠭᠡᠲᠡᠢ ᠪᠣᠯᠭᠠᠨ ᠠᠰᠢᠭᠯᠠᠬᠤ ᠶᠢ ᠠᠬᠢᠭᠤᠯᠬᠤ ᠬᠡᠷᠡᠭᠲᠡᠢ᠃ | ᠡᠳ᠋ ᠬᠥᠷᠥᠩᠭᠡ ᠶᠢ ᠰᠤᠯᠠ ᠲᠠᠯᠪᠢᠵᠤ ᠬᠦᠨᠳᠦ ᠨᠣᠴᠢᠲᠠᠢ ᠪᠦᠷᠢᠯᠭᠡᠵᠦ ᠪᠠᠶᠢᠭ᠎ᠠ ᠰᠠᠯᠠᠭ᠎ᠠ ᠮᠥᠴᠢᠷ᠂ ᠨᠢᠭᠡᠴᠢ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠪᠠᠶᠢᠳᠠᠯ ᠢ ᠨᠢ ᠦᠵᠡᠵᠦ ᠰᠢᠨ᠎ᠡ ᠪᠠᠷ ᠨᠡᠮᠡᠭᠳᠡᠭᠦᠯᠬᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ ᠢ ᠨᠢ ᠴᠣᠬᠤᠯᠠᠪᠤᠷᠢᠯᠠᠬᠤ ᠪᠠᠨ ᠵᠣᠭᠰᠣᠭᠠᠵᠤ ᠪᠣᠯᠣᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠭᠦᠯᠵᠦ᠂ ᠵᠢᠭᠡᠯᠡᠭᠦᠯᠦᠭᠰᠡᠨ ᠠᠳᠠᠯᠢ ᠲᠦᠷᠦᠯ ᠤᠨ ᠡᠳ᠋ ᠬᠥᠷᠥᠩᠭᠡ ᠶᠢ | ᠬᠤᠳᠠᠯᠳᠤᠨ ᠠᠪᠴᠤ ᠪᠣᠯᠬᠤ ᠦᠭᠡᠢ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢ ᠪᠡᠯᠡ ᠣᠷᠣᠭᠤᠯᠣᠯᠳᠡ ᠪᠠᠷ ᠪᠦᠲᠦᠭᠡᠨ ᠪᠠᠶᠢᠭᠤᠯᠬᠤ ᠳᠤ ᠪᠠᠨ᠂ ᠪᠡᠯᠡ ᠮᠥᠩᠭᠦᠨ ᠤ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ | ᠲᠥᠰᠥᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠠᠴᠠ ᠰᠡᠷᠭᠡᠶᠢᠯᠡᠬᠦ ᠶᠢᠨ ᠬᠠᠮᠲᠤ᠂ ᠣᠯᠠᠨ ᠨᠡᠶᠢᠲᠡ ᠶᠢᠨ | ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠬᠤ ᠨᠢᠭᠡᠴᠢ ᠪᠠᠨ ᠲᠣᠳᠣᠷᠬᠠᠶᠢᠯᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠪᠠ | ᠰᠢᠢᠳᠪᠦᠷᠢᠯᠡᠭᠰᠡᠨ ᠵᠡᠷᠭᠡ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ | ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ | ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ | ᠬᠡᠷᠡᠭᠯᠡᠵᠦ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠢ ᠬᠠᠮᠢᠶᠠᠷᠤᠯᠲᠠ ᠶᠢᠨ ᠠᠷᠭ᠎ᠠ ᠲᠣᠭᠲᠠᠭᠠᠬᠤ | ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ ᠡᠳ᠋ ᠬᠥᠷᠥᠩᠭᠡ ᠪᠠᠨ ᠤᠯᠤᠰ ᠤᠨ ᠲᠣᠭᠲᠠᠭᠠᠯ | ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠣᠯᠣᠭᠰᠠᠨ ᠵᠣᠭᠤᠰ ᠢᠶᠠᠨ | ᠪᠦᠬᠦᠨ ᠢ ᠤᠯᠤᠰ ᠤᠨ ᠰᠠᠩ ᠳᠤ ᠲᠤᠰᠢᠶᠠᠬᠤ ᠬᠡᠷᠡᠭᠲᠡᠢ᠃ | ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠨᠡᠷ᠎ᠡ ᠪᠠᠷ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠤᠶᠤ ᠬᠤᠳᠠᠯ ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠨ ᠡᠳ᠋ ᠤᠨ ᠵᠠᠰᠠᠭ ᠤᠨ | ᠣᠷᠣᠯᠭ᠎ᠠ ᠶᠢ ᠬᠡᠶᠢᠰᠪᠦᠷᠢ ᠨᠡᠮᠡᠭᠳᠡᠭᠦᠯᠬᠦ ᠶᠢ ᠴᠠᠭᠠᠵᠠᠯᠠᠬᠤ ᠬᠡᠷᠡᠭᠲᠡᠢ᠃ | ᠭᠤᠷᠪᠠᠳᠤᠭᠠᠷ ᠪᠦᠯᠦᠭ ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ | ᠬᠤᠷᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ | ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠢ | ᠨᠢᠭᠲᠠᠯᠠᠨ ᠪᠤᠳᠤᠬᠤ ᠳᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠢ᠂ ᠪᠣᠶ ᠪᠦᠬᠦᠢ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠡᠳ᠋ ᠬᠥᠷᠥᠩᠭᠡ | ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠠᠴᠠ ᠭᠠᠳᠠᠭᠤᠷᠬᠢ ᠡᠳ᠋ ᠬᠥᠷᠥᠩᠭᠡ ᠪᠣᠯᠭᠠᠵᠤ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠬᠠᠮᠢᠶ᠎ᠠ ᠪᠦᠬᠦᠢ ᠡᠳ᠋ ᠬᠥᠷᠥᠩᠭᠡ ᠶᠢᠨ ᠡᠬᠡ | ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ ᠲᠠᠩᠰᠠᠨ ᠠᠴᠠ ᠭᠠᠷᠭᠠᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢᠶᠠᠷ ᠡᠳ᠋ ᠬᠥᠷᠥᠩᠭᠡ | ᠲᠣᠬᠢᠷᠠᠭᠤᠯᠤᠭᠰᠠᠨ ᠪᠣᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠡᠳ᠋ ᠬᠥᠷᠥᠩᠭᠡ ᠲᠤᠰᠢᠶᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠡᠳ᠋ ᠤᠨ | ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠵᠦ᠂ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠪᠠᠷᠢᠯᠭ᠎ᠠ ᠪᠠᠨ ᠲᠤᠰᠢᠶᠠᠭᠰᠠᠨ ᠪᠣᠯᠪᠠᠴᠤ ᠪᠠᠷᠢᠯᠭ᠎ᠠ ᠳᠠᠭᠤᠰᠤᠭᠰᠠᠨ ᠡᠳ᠋ ᠤᠨ | ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠭᠡᠳᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠤᠯᠤᠰ ᠤᠨ ᠨᠢᠭᠲᠠᠯᠠᠨ ᠪᠤᠳᠤᠬᠤ | ᠨᠢᠭᠡᠳᠦᠯᠲᠡᠢ ᠳᠦᠷᠢᠮ ᠶᠣᠰᠣᠭᠠᠷ ᠡᠳ᠋ ᠬᠥᠷᠥᠩᠭᠡ ᠶᠢᠨ ᠦᠷᠳᠡᠭ ᠢ ᠨᠤᠲᠠᠯᠠᠨ ᠲᠣᠭᠲᠠᠭᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ ᠬᠠᠷᠢᠶᠠᠯᠠᠯ ᠤᠨ ᠳᠠᠩᠰᠠᠯᠠᠯ ᠬᠢᠬᠦ ᠴᠢᠬᠤᠯᠠᠲᠠᠢ ᠡᠳ᠋ | ᠬᠥᠷᠥᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠳᠠᠩᠰᠠᠯᠠᠬᠤ ᠪᠠᠨ ᠭᠦᠢᠴᠡᠳᠬᠡᠬᠦ ᠬᠡᠷᠡᠭᠲᠡᠢ᠃ ᠲᠠᠩᠰᠠ ᠬᠠᠷ᠎ᠠ ᠳᠤ ᠲᠡᠮᠳᠡᠭᠯᠡᠭᠰᠡᠨ ᠪᠣᠯᠪᠠᠴᠤ ᠥᠮᠴᠢᠯᠡᠬᠦ | ᠡᠷᠬᠡ ᠶᠢᠨ ᠦᠨᠡᠮᠯᠡᠯ ᠤᠨ ᠭᠠᠷ ᠭᠦᠢᠴᠡᠳᠬᠡᠯ ᠨᠢ ᠪᠦᠷᠢᠨ ᠪᠤᠰᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠬᠥᠷᠥᠩᠭᠡ ᠶᠢᠨ ᠡᠷᠬᠡ ᠶᠢᠨ | ᠬᠠᠷᠢᠶᠠᠯᠠᠯ ᠢ ᠨᠤᠲᠠᠯᠠᠬᠤ ᠪᠠᠷ ᠭᠤᠶᠤᠴᠢᠯᠠᠵᠤ᠂ ᠡᠷᠬᠡ ᠶᠢᠨ ᠬᠠᠷᠢᠶᠠᠯᠠᠯ ᠢ ᠳᠠᠩᠰᠠᠯᠠᠬᠤ ᠠᠵᠢᠯ ᠢᠶᠠᠨ ᠴᠠᠭ ᠲᠤᠬᠠᠢ ᠳᠤ ᠨᠢ ᠬᠢᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠤᠰᠤᠳ | ᠨᠢᠭᠡᠴᠢ ᠪᠠ ᠬᠤᠪᠢ ᠬᠥᠮᠥᠨ ᠯᠦᠭᠡ ᠬᠤᠭᠤᠷᠣᠨᠳᠤ ᠪᠠᠨ ᠡᠳ᠋ ᠬᠥᠷᠥᠩᠭᠡ ᠶᠢᠨ ᠵᠠᠷᠭᠤᠯᠳᠤᠭᠠᠨ ᠡᠭᠦᠰᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠬᠤ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠡᠳ᠋ ᠬᠥᠷᠥᠩᠭᠡ ᠪᠠᠨ ᠲᠣᠭᠠᠯᠠᠨ ᠪᠦᠷᠢᠳᠬᠡᠵᠦ᠂ ᠲᠡᠩᠰᠠ ᠬᠠᠷᠭᠤᠭᠤᠯᠬᠤ ᠬᠡᠷᠡᠭᠲᠡᠢ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ | ᠠᠯᠳᠠᠪᠤᠷᠢ ᠭᠠᠷᠤᠭᠰᠠᠨ ᠪᠠᠶᠢᠪᠠᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠨᠢ ᠪᠣᠳᠠᠲᠠᠢ ᠲᠠᠢ ᠨᠡᠶᠢᠴᠡᠬᠦ ᠪᠠ ᠳᠠᠩᠰᠠ ᠳᠠᠩᠰᠠ ᠶᠢ ᠬᠠᠷᠢᠯᠴᠠᠨ ᠨᠡᠶᠢᠴᠡᠭᠦᠯᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠶᠢᠨ ᠲᠣᠭᠠᠯᠠᠨ ᠪᠦᠷᠢᠳᠬᠡᠬᠦ ᠠᠵᠢᠯ ᠲᠠᠢ ᠪᠠᠨ | ᠤᠶᠠᠯᠳᠤᠭᠤᠯᠤᠨ ᠲᠤᠰᠬᠠᠢ ᠵᠦᠢᠯ ᠢᠶᠠᠷ ᠢᠯᠭᠠᠷᠠᠭᠤᠯᠤᠨ ᠳᠢᠭᠯᠡᠵᠦ᠂ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ᠂ ᠦᠷ᠎ᠡ ᠪᠦᠳᠦᠮᠵᠢ ᠪᠠᠷ ᠳᠣᠣᠷ᠎ᠠ ᠣᠷᠴᠢᠬᠤ᠂ | ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠭᠠᠵᠠᠷ ᠰᠢᠷᠣᠢ᠂ ᠲᠡᠷᠭᠡ ᠬᠥᠰᠬᠡ᠂ ᠠᠯᠪᠠᠨ ᠲᠥᠬᠦᠭᠡᠷᠦᠮᠵᠢ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ | ᠲᠣᠨᠤᠭ ᠵᠡᠷᠭᠡ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠲᠤ ᠳᠤ ᠪᠠᠨ ᠭᠥᠷᠳᠡᠬᠦ᠂ ᠰᠢᠯᠵᠢᠭᠦᠯᠦᠨ | ᠲᠣᠬᠢᠷᠠᠭᠤᠯᠬᠤ᠂ ᠲᠦᠷᠢᠶᠡᠰᠦᠯᠡᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠶᠢ ᠠᠬᠢᠭᠤᠯᠵᠤ᠂ ᠡᠳ᠋ | ᠬᠥᠷᠥᠩᠭᠡ ᠶᠢ ᠠᠰᠢᠭᠯᠠᠬᠤ ᠪᠦᠳᠣᠮᠵᠢ ᠴᠢᠳᠠᠮᠵᠢ ᠪᠠᠨ ᠪᠠᠳᠠᠷᠠᠭᠤᠯᠤᠨ᠎ᠠ᠃ | ᠬᠤᠷᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠡᠯ᠎ᠡ ᠵᠦᠢᠯ ᠤᠨ | ᠠᠷᠭ᠎ᠠ ᠮᠠᠶ᠋ᠢᠭ ᠢ ᠠᠰᠢᠭᠯᠠᠨ᠂ ᠲᠤᠰ ᠨᠢᠭᠡᠴᠢ ᠶᠢᠨ ᠢᠶᠠᠨ ᠬᠡᠪᠴᠢᠶᠡᠨ ᠳᠤ ᠴᠢᠯᠦᠭᠡᠲᠡᠢ ᠪᠤᠯᠭᠠᠵᠦ ᠳᠡᠶᠢᠯᠬᠦ ᠡᠳ᠋ ᠬᠥᠷᠥᠩᠭᠡ ᠶᠢ ᠴᠢᠯᠦᠭᠡᠲᠡᠢ ᠪᠣᠯᠭᠠᠨ ᠠᠰᠢᠭᠯᠠᠬᠤ ᠪᠠᠨ | ᠲᠦᠷᠭᠡᠳᠬᠡᠬᠦ ᠬᠡᠷᠡᠭᠲᠡᠢ︔ ᠲᠤᠰ ᠨᠢᠭᠡᠴᠢ ᠳᠤ ᠪᠠᠨ ᠴᠢᠯᠦᠭᠡᠲᠡᠢ ᠪᠣᠯᠭᠠᠵᠣ ᠲᠡᠶᠢᠯᠬᠦ ᠦᠭᠡᠢ ᠡᠳ᠋ ᠬᠥᠷᠥᠩᠭᠡ ᠶᠢ ᠪᠣᠯ᠂ ᠴᠢᠯᠦᠭᠡᠲᠡᠢ ᠪᠣᠯᠭᠠᠬᠤ ᠪᠠᠷ ᠪᠠᠶᠢᠭ᠎ᠠ ᠡᠳ᠋ | ᠬᠥᠷᠥᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ | ᠮᠡᠳᠡᠭᠦᠯᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ | ᠨᠢᠭᠡᠴᠢ ᠪᠠᠨ ᠵᠢᠯᠤᠭᠤᠳᠴᠤ ᠪᠠᠶᠢᠭᠠᠳ ᠡᠳ᠋ ᠬᠥᠷᠥᠩᠭᠡ ᠶᠢ ᠰᠢᠯᠵᠢᠭᠦᠯᠦᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠶᠢ | ᠴᠢᠯᠦᠭᠡᠲᠡᠢ ᠪᠣᠯᠭᠠᠵᠣ᠂ ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠶᠢᠨ ᠬᠤᠭᠤᠷᠣᠨᠳᠤ ᠴᠢᠯᠦᠭᠡᠲᠡᠢ ᠪᠣᠯᠭᠠᠨ ᠠᠰᠢᠭᠯᠠᠬᠤ ᠶᠢ ᠨᠢ | ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠪᠦᠲᠦᠮᠵᠢᠲᠡᠢ ᠴᠢᠯᠦᠭᠡᠲᠡᠢ ᠪᠣᠯᠭᠠᠵᠣ ᠳᠡᠶᠢᠯᠬᠦ ᠦᠭᠡᠢ ᠡᠳ᠋ ᠬᠥᠷᠥᠩᠭᠡ ᠳᠤ ᠪᠣᠯ᠂ ᠡᠳ᠋ ᠬᠥᠷᠥᠩᠭᠡ ᠶᠢᠨ ᠮᠡᠳᠡᠭᠡ | ᠵᠠᠩᠭᠢ ᠪᠠᠨ ᠴᠠᠭ ᠲᠤᠬᠠᠢ ᠳᠤ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ | ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠᠨ ᠴᠢᠩᠭᠠᠳᠬᠠᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠭᠡᠲᠡᠢ | ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠪᠠᠨ ᠪᠠᠶᠢᠭᠤᠯᠤᠨ | ᠪᠦᠷᠢᠨᠰᠢᠭᠦᠯᠵᠦ᠂ ᠴᠢᠯᠦᠭᠡᠲᠡᠢ ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠭᠳᠠᠵᠤ ᠪᠠᠶᠢᠭᠰᠠᠨ ᠠᠴᠠ ᠨᠢ ᠬᠡᠷᠡᠭᠯᠡᠭᠳᠡᠬᠦ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠨᠡᠪᠲᠡᠷᠡᠯ ᠵᠠᠮ ᠢ ᠰᠢᠯᠤᠭᠤᠳᠬᠠᠬᠤ ᠬᠡᠷᠡᠭᠲᠡᠢ᠃ | ᠭᠤᠴᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠭᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ | ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠢ | ᠵᠢᠷᠤᠮᠵᠢᠭᠤᠯᠵᠤ᠂ ᠥᠮᠴᠢᠯᠡᠬᠦ ᠡᠷᠬᠡ ᠶᠢᠨ ᠬᠠᠮᠠᠭᠠᠯᠠᠯᠲᠠ ᠪᠠᠨ ᠴᠢᠩᠭᠠᠳᠬᠠᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ | ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ | ᠬᠤᠪᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠡᠷᠡᠭᠯᠡᠭᠴᠢ ᠪᠠ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ ᠲᠦᠪᠰᠢᠨ ᠪᠥᠭᠡᠳ ᠪᠦᠷᠢᠨ | ᠪᠦᠲᠦᠨ᠂ ᠥᠨᠳᠥᠷ ᠦᠷ᠎ᠡ ᠪᠦᠲᠦᠮᠵᠢᠲᠡᠶ ᠠᠰᠢᠭᠯᠠᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠳ᠋ ᠬᠥᠷᠥᠩᠭᠡ ᠶᠢᠨ ᠬᠡᠷᠡᠭᠯᠡᠭᠴᠢ ᠬᠠᠮᠢᠶᠠᠷᠤᠭᠴᠢ ᠳᠦᠷᠢᠮ ᠲᠣᠭᠲᠠᠭᠠᠯ ᠢᠶᠠᠷ ᠡᠳ᠋ ᠬᠥᠷᠥᠩᠭᠡ ᠶᠢ ᠵᠦᠢ ᠵᠣᠬᠢᠰᠲᠠᠢ ᠬᠡᠷᠡᠭᠯᠡᠨ ᠬᠠᠮᠢᠶᠠᠷᠴᠤ᠂ ᠡᠳ᠋ | ᠬᠥᠷᠥᠩᠭᠡ ᠶᠢᠨ ᠪᠦᠳᠣᠮᠵᠢ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠡᠳ᠋ ᠬᠥᠷᠥᠩᠭᠡ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠯᠵᠢᠭᠦᠯᠦᠨ | ᠲᠣᠬᠢᠷᠠᠭᠤᠯᠬᠤ᠂ ᠰᠢᠨᠡᠳᠬᠡᠬᠦ᠂ ᠬᠡᠷᠡᠭᠯᠡᠭᠡᠨ ᠠᠴᠠ ᠭᠠᠷᠭᠠᠬᠤ ᠴᠢᠬᠤᠯᠠᠲᠠᠢ ᠪᠠᠶᠢᠪᠠᠯ᠂ ᠡᠳ᠋ ᠬᠥᠷᠥᠩᠭᠡ ᠶᠢᠨ ᠬᠡᠷᠡᠭᠯᠡᠭᠴᠢ ᠬᠠᠮᠢᠶᠠᠷᠤᠭᠴᠢ ᠴᠠᠭ ᠲᠤᠬᠠᠢ ᠳᠤ ᠨᠢ ᠳᠤᠷᠠᠳᠬᠤ | ᠬᠡᠷᠡᠭᠲᠡᠢ᠃ | ᠡᠳ᠋ ᠬᠥᠷᠥᠩᠭᠡ ᠬᠡᠷᠡᠭᠯᠡᠭᠴᠢ ᠬᠠᠮᠢᠶᠠᠷᠤᠭᠴᠢ ᠬᠤᠪᠢᠷᠠᠯᠲᠠ ᠭᠠᠷᠬᠤ ᠶᠢ ᠬᠦᠷᠪᠡᠯ᠂ ᠡᠳ᠋ ᠬᠥᠷᠥᠩᠭᠡ ᠶᠢ ᠲᠤᠰᠢᠶᠠᠬᠤ ᠪᠠ ᠬᠦᠯᠢᠶᠡᠨ ᠠᠪᠬᠤ ᠭᠠᠷ | ᠭᠦᠢᠴᠡᠳᠬᠡᠯ ᠢ ᠴᠠᠭ ᠲᠤᠬᠠᠢ ᠳᠤ ᠨᠢ ᠬᠢᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠨᠢᠭᠡᠴᠢ ᠶᠢᠨ ᠢᠶᠠᠨ ᠡᠭᠦᠷᠭᠡ | ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠢ᠃ | ᠵᠠᠰᠠᠭ ᠵᠠᠬᠢᠷᠭᠠᠨ ᠤ ᠨᠢᠭᠡᠴᠢ ᠶᠠᠮᠠᠷᠪᠠ ᠬᠡᠯᠪᠡᠷᠢ ᠮᠠᠶ᠋ᠢᠭ ᠢᠶᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠭᠠᠳᠠᠭᠰᠢ ᠪᠡᠯᠡ ᠣᠷᠣᠭᠤᠯᠣᠯᠳᠡ ᠬᠢᠬᠦ ᠪᠤᠶᠤ | ᠠᠰᠢᠭ ᠬᠤᠨᠵᠢᠪᠤᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠭᠤᠴᠢᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠵᠢᠯ ᠦᠢᠯᠡᠰ ᠤᠨ ᠬᠥᠭᠵᠢᠯᠲᠡ ᠶᠢ | ᠪᠠᠲᠤᠯᠠᠬᠤ ᠪᠠ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠬᠡᠷᠡᠭᠲᠡᠢ᠃ | ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠰᠢ ᠪᠡᠯᠡ ᠤᠷᠤᠭᠤᠯᠤᠯᠲᠠ ᠬᠢᠬᠦ ᠪᠠᠨ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠠᠵᠢᠯ ᠦᠢᠯᠡᠰ ᠤᠨ ᠬᠥᠭᠵᠢᠯᠲᠡ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ | ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠠᠰᠢᠭᠲᠠᠢ ᠪᠠᠶᠢᠯᠭᠠᠬᠤ ᠶᠢᠨ ᠬᠠᠮᠲᠤ᠂ ᠪᠣᠯᠣᠮᠵᠢᠲᠤ ᠰᠤᠳᠤᠯᠤᠯ ᠬᠢᠬᠦ ᠪᠠ ᠬᠠᠮᠲᠤ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠪᠠᠷ ᠳᠠᠮᠵᠢᠭᠤᠯᠵᠤ᠂ ᠲᠣᠭᠲᠠᠭᠰᠠᠨ ᠡᠷᠬᠡ ᠶᠢᠨ ᠬᠢᠵᠠᠭᠠᠷ ᠪᠣᠯᠣᠨ ᠳᠡᠰ ᠳᠠᠷᠠᠭᠠᠯᠠᠯ ᠢᠶᠠᠷ ᠶᠠᠪᠤᠭᠳᠠᠭᠤᠯᠬᠤ ᠬᠡᠷᠡᠭᠲᠡᠢ᠃ | ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠡᠯᠡ ᠣᠷᠤᠭᠤᠯᠤᠯᠲᠠ ᠬᠢᠬᠦ ᠳᠤ ᠪᠦᠷᠢᠯᠳᠦᠭᠰᠡᠨ ᠰᠲ᠋ᠣᠺ ᠤᠨ ᠡᠷᠬᠡ ᠵᠢᠴᠢ ᠬᠠᠮᠢᠶ᠎ᠠ ᠪᠦᠬᠦᠢ ᠡᠷᠬᠡ ᠠᠰᠢᠭ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠣᠭᠲᠠᠭᠠᠯ ᠶᠣᠰᠣᠭᠠᠷ ᠭᠠᠳᠠᠭᠰᠢ ᠪᠡᠯᠡ ᠣᠷᠤᠭᠤᠯᠤᠯᠲᠠ ᠬᠢᠬᠦ ᠳᠤ ᠪᠦᠷᠢᠯᠳᠦᠭᠰᠡᠨ ᠰᠲ᠋ᠣᠺ ᠤᠨ | ᠡᠷᠬᠡ ᠪᠠᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠲᠣᠭᠲᠠᠯᠴᠠᠭ᠎ᠠ ᠳᠤ | ᠣᠷᠣᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢᠨ ᠪᠥᠬᠦ ᠠᠮᠢ ᠶᠢᠨ ᠦᠶᠡᠯᠡᠯ ᠤᠨ | ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠶᠢ | ᠲᠦᠷᠢᠶᠡᠰᠦᠯᠡᠭᠦᠯᠬᠦ᠂ ᠰᠢᠢᠳᠪᠦᠷᠢᠯᠡᠬᠦ ᠵᠦᠢᠯᠡᠰ ᠢᠶᠠᠨ ᠲᠦᠷᠭᠡᠳᠬᠡᠨ ᠭᠦᠢᠴᠡᠳᠬᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠳᠤ ᠲᠦᠪᠡᠭᠲᠡᠢ | ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠲᠣᠭᠲᠠᠭᠰᠠᠨ ᠡᠷᠬᠡ ᠶᠢᠨ ᠬᠢᠵᠠᠭᠠᠷ ᠢᠶᠠᠷ ᠬᠢᠨᠠᠨ ᠵᠥᠪᠰᠢᠶᠡᠷᠡᠭᠰᠡᠨ ᠤ | ᠲᠠᠷᠠᠭ᠎ᠠ᠂ ᠭᠠᠳᠠᠭᠰᠢ ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠣᠨ᠎ᠠ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ | ᠵᠢᠷᠤᠮᠯᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ | ᠢᠯᠡ ᠪᠠᠶᠢᠯᠭᠠᠬᠤ᠂ ᠲᠥᠪ ᠭᠤᠣᠯᠴᠢ᠂ ᠡᠷᠬᠡ ᠲᠡᠭᠰᠢ ᠪᠠ ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠨᠳᠢᠪᠯᠡᠭ᠌ᠰᠠᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠦᠯᠢᠶᠡᠨ ᠠᠪᠬᠤ ᠳᠤ ᠪᠠᠨ ᠬᠠᠨᠳᠢᠪᠯᠡᠬᠤ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ | ᠬᠡᠷᠡᠭᠲᠡᠢ᠃ | ᠬᠠᠨᠳᠢᠪᠯᠡᠭ᠌ᠴᠢ ᠶᠢᠨ ᠬᠦᠰᠡᠯ ᠪᠣᠳᠣᠯ ᠨᠢ ᠲᠣᠳᠣᠷᠬᠠᠢ ᠦᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ ᠦᠭᠡᠢ ᠪᠠᠶᠢᠪᠠᠯ᠂ ᠨᠢᠭᠡᠳᠦᠯᠲᠡᠢ ᠲᠥᠯᠥᠪᠯᠡᠨ | ᠲᠣᠬᠢᠷᠠᠭᠤᠯᠵᠤ ᠬᠡᠷᠡᠭᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ | ᠬᠠᠮᠲᠤ ᠪᠠᠷ ᠬᠡᠷᠡᠭᠯᠡᠬᠦ ᠪᠠᠷ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ | ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠦᠨᠳᠦᠰᠦᠯᠡᠨ᠂ | ᠨᠥᠬᠦᠴᠡᠯ ᠳᠤ ᠬᠦᠷᠬᠦ ᠡᠳ᠋ ᠬᠥᠷᠥᠩᠭᠡ ᠶᠢ ᠰᠢᠭᠰᠢᠨ ᠰᠣᠩᠭᠤᠵᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠥᠷᠨᠢᠭᠦᠯᠬᠦ ᠬᠡᠷᠡᠭᠲᠡᠢ᠂ ᠡᠭᠦᠨ ᠳᠤ | ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ | ᠪᠠᠭᠲᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠣᠰ | ᠨᠢᠭᠡᠴᠢ ᠶᠢᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ | ᠠᠬᠢᠭᠤᠯᠵᠤ᠂ ᠬᠠᠩᠭᠠᠭᠴᠢ ᠳᠤ ᠵᠦᠢ ᠵᠣᠬᠢᠰᠲᠠᠢ ᠨᠥᠬᠦᠪᠦᠷᠢ ᠥᠭᠴᠦ ᠪᠣᠯᠣᠨ᠎ᠠ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ | ᠠᠬᠢᠭᠤᠯᠵᠤ᠂ ᠲᠥᠰᠥᠪ ᠤᠨ ᠪᠡᠯᠡ ᠮᠥᠩᠭᠦ ᠠᠴᠠ ᠪᠦᠷᠢᠯᠳᠦᠭᠰᠡᠨ ᠡᠳ᠋ ᠬᠥᠷᠥᠩᠭᠡ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳ᠋ | ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ | ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠵᠡᠷᠭᠡ ᠠᠯᠤᠰᠯᠠᠨ ᠬᠠᠮᠲᠤ ᠳᠤ ᠪᠠᠨ ᠭᠥᠷᠳᠡᠵᠦ ᠰᠢᠯᠵᠢᠭᠦᠯᠦᠨ ᠲᠣᠬᠢᠷᠠᠭᠤᠯᠬᠤ ᠶᠢᠨ | ᠪᠡᠶᠡᠯᠡᠭᠳᠡᠬᠦ ᠶᠢ ᠠᠬᠢᠭᠤᠯᠬᠤ ᠬᠡᠷᠡᠭᠲᠡᠢ᠃ | ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ ᠬᠠᠮᠢᠶᠠᠷᠤᠯᠲᠠ ᠶᠢ ᠬᠥᠳᠡᠯᠦᠩᠭᠦᠢ ᠪᠠᠷ ᠬᠢᠨᠠᠨ | ᠰᠢᠨᠵᠢᠬᠦ ᠠᠵᠢᠯ ᠢ ᠥᠷᠨᠢᠭᠦᠯᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ | ᠴᠠᠭ ᠲᠤᠬᠠᠢ ᠳᠤ ᠨᠢ ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ᠃ | ᠳᠥᠷᠪᠡᠳᠦᠭᠡᠷ ᠪᠦᠯᠦᠭ ᠡᠳ᠋ ᠬᠥᠷᠥᠩᠭᠡ ᠶᠢ ᠰᠢᠢᠳᠪᠦᠷᠢᠯᠡᠬᠦ | ᠭᠤᠴᠢ ᠶᠢᠰᠦᠳᠦᠭᠡᠷ ᠵᠦᠢᠯ ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ ᠦᠭᠡᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠪᠡᠰᠦᠪᠡᠨ ᠰᠢᠢᠳᠪᠦᠷᠢᠯᠡᠵᠦ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠭᠦᠢᠴᠡᠳᠬᠡᠵᠦ ᠪᠠᠶᠢᠭ᠎ᠠ ᠡᠭᠦᠷᠭᠡ ᠴᠢᠳᠠᠪᠤᠷᠢ᠂ ᠠᠵᠢᠯ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢᠶᠠᠨ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠲᠠᠰ | ᠳᠠᠷᠠᠭᠠᠯᠠᠯ ᠢ ᠭᠦᠢᠴᠡᠳᠬᠡᠬᠦ ᠪᠠᠷ ᠳᠡᠮᠵᠢᠨ᠂ ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢᠯᠠᠯ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠵᠦ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠳᠥᠴᠢᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠳᠣᠣᠷᠠᠬᠢ | ᠵᠠᠷᠴᠢᠮ ᠢ ᠵᠢᠷᠤᠮᠯᠠᠬᠤ ᠬᠡᠷᠡᠭᠲᠡᠢ᠄ | ︵ᠨᠢᠭᠡ︶ ᠢᠯᠡ ᠪᠠᠶᠢᠯᠭᠠᠬᠤ᠂ ᠡᠷᠬᠡ ᠲᠡᠭᠰᠢ᠂ ᠲᠥᠪ ᠭᠤᠣᠯᠴᠢ︔ | ︵ᠬᠤᠶᠠᠷ︶ ᠡᠳ᠋ ᠬᠥᠷᠥᠩᠭᠡ ᠶᠢ ᠰᠢᠢᠳᠪᠦᠷᠢᠯᠡᠬᠦ ᠪᠠᠨ ᠡᠳ᠋ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠲᠠᠢ ᠬᠠᠷᠢᠯᠴᠠᠨ ᠤᠶᠠᠯᠳᠤᠭᠤᠯᠬᠤ︔ | ︵ᠭᠤᠷᠪᠠ︶ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ | ᠳᠥᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ | ᠮᠠᠶ᠋ᠢᠭ ᠲᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠭᠠᠳᠠᠭᠰᠢ ᠬᠠᠨᠳᠢᠪᠯᠡᠬᠤ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠯᠡᠭᠡᠨ ᠠᠴᠠ ᠭᠠᠷᠭᠠᠬᠤ᠂ | ᠬᠤᠬᠢᠷᠠᠭᠰᠠᠨ ᠢᠶᠠᠷ ᠮᠡᠳᠡᠭᠦᠯᠬᠦ ᠪᠠᠭᠲᠠᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠨ ᠠᠴᠠ ᠭᠠᠷᠭᠠᠬᠤ ᠪᠠ ᠬᠤᠬᠢᠷᠠᠭᠰᠠᠨ ᠢᠶᠠᠷ ᠮᠡᠳᠡᠭᠦᠯᠬᠦ ᠬᠡᠷᠡᠭᠲᠡᠢ᠄ | ︵ᠨᠢᠭᠡ︶ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠭᠰᠢᠭᠳᠡᠭᠦᠯᠬᠦ ᠴᠢᠬᠤᠯᠠᠲᠠᠢ ᠪᠤᠶᠤ ᠰᠡᠯᠪᠢᠨ ᠵᠠᠰᠠᠬᠤ ᠶᠢᠨ ᠠᠷᠭ᠎ᠠ ᠦᠭᠡᠢ᠂ ᠰᠡᠯᠪᠢᠨ ᠵᠠᠰᠠᠬᠤ ᠦᠨ᠎ᠡ | ᠥᠷᠲᠡᠭ ᠦᠭᠡᠢ ᠡᠳ᠋ ᠬᠥᠷᠥᠩᠭᠡ︔ | ︵ᠬᠤᠶᠠᠷ︶ ᠪᠦᠷᠢᠳᠬᠡᠯ ᠤᠨ ᠠᠯᠳᠠᠪᠤᠷᠢ᠂ ᠦᠵᠦᠭᠦᠷ ᠦᠭᠡᠢ ᠳᠠᠩᠰᠠ ᠵᠢᠴᠢ ᠬᠡᠪ ᠤᠨ ᠪᠤᠰᠤ ᠬᠤᠬᠢᠷᠠᠭᠰᠠᠨ ᠳᠤ ᠬᠤᠯᠪᠣᠭᠳᠠᠭᠰᠠᠨ ᠡᠳ᠋ ᠬᠥᠷᠥᠩᠭᠡ︔ | ︵ᠭᠤᠷᠪᠠ︶ ᠨᠢᠭᠡᠨᠲᠡ ᠬᠡᠷᠡᠭᠯᠡᠬᠦ ᠣᠨ ᠤ ᠬᠢᠵᠠᠭᠠᠷ ᠠᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ ᠬᠡᠷᠡᠭᠴᠡᠭᠡ ᠶᠢ ᠬᠠᠩᠭᠠᠵᠤ ᠲᠠᠶᠢᠯᠭᠦ ᠦᠭᠡᠢ | ᠪᠣᠯᠤᠭᠰᠠᠨ ᠡᠳ᠋ ᠬᠥᠷᠥᠩᠭᠡ︔ | ︵ᠳᠥᠷᠪᠡ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠭᠳᠡᠰᠢ ᠦᠭᠡᠢ ᠬᠦᠴᠦᠨ ᠠᠴᠠ ᠪᠣᠯᠵᠤ ᠡᠪᠳᠡᠭᠳᠡᠭᠰᠡᠨ᠂ ᠰᠦᠢᠳᠬᠡᠭᠳᠡᠭᠰᠡᠨ ᠡᠳ᠋ ᠬᠥᠷᠥᠩᠭᠡ᠃ | ᠳᠥᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ | ᠬᠦᠴᠦᠨ ᠦᠭᠡᠢ ᠪᠤᠯᠭᠠᠬᠤ᠂ ᠬᠠᠷᠢᠶᠠᠯᠠᠭᠳᠠᠬᠤ ᠬᠠᠷᠢᠴᠠᠭ᠎ᠠ ᠬᠤᠪᠢᠷᠠᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠨᠢ ᠲᠣᠬᠢᠷᠠᠭᠤᠯᠬᠤ ᠵᠡᠷᠭᠡ | ᠪᠠᠶᠢᠳᠠᠯ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠬᠤ ᠪᠠ ᠭᠥᠯᠢᠶᠡᠨ ᠠᠪᠬᠤ ᠭᠠᠷ ᠭᠦᠢᠴᠡᠳᠬᠡᠯ ᠬᠢᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ | ᠲᠡᠭᠦᠨ ᠤ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ︾ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠬᠦ ᠬᠡᠷᠡᠭᠲᠡᠢ᠃ | ᠳᠥᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠢᠳᠪᠦᠷᠢᠯᠡᠬᠦ ᠤᠯᠤᠰ ᠤᠨ ᠥᠮᠴᠢᠯᠡᠯᠲᠦ ᠡᠳ᠋ | ᠬᠥᠷᠥᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠶᠡᠭᠡ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ | ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ ᠰᠢᠢᠳᠪᠦᠷᠢᠯᠡᠬᠦ ᠤᠯᠤᠰ ᠤᠨ ᠥᠮᠴᠢᠯᠡᠯᠲᠦ ᠡᠳ᠋ | ᠬᠥᠷᠥᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠪᠠᠭ᠎ᠠ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃ | ᠳᠥᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠬᠤᠯᠪᠣᠭᠳᠠᠭᠰᠠᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠦᠨᠡᠨ ᠬᠦ ᠵᠣᠬᠢᠴᠠᠭᠤᠯᠤᠨ ᠰᠢᠢᠳᠪᠦᠷᠢᠯᠡᠬᠦ | ᠴᠢᠬᠤᠯᠠᠲᠠᠢ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠡᠳ᠋ ᠬᠥᠷᠥᠩᠭᠡ ᠶᠢ ᠦᠨᠡᠯᠡᠨ ᠵᠢᠱᠢᠬᠦ ᠬᠢᠭᠡᠳ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ | ᠳᠥᠴᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠢ᠄ | ︵ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠵᠦ ᠥᠭᠬᠦ᠂ ᠦᠨ᠎ᠡ ᠬᠠᠶᠠᠵᠤ ᠬᠤᠳᠠᠯᠳᠤᠬᠤ᠂ ᠰᠣᠯᠢᠬᠤ᠂ ᠭᠠᠳᠠᠭᠰᠢ ᠪᠡᠯᠡ ᠣᠷᠣᠭᠤᠯᠣᠯᠳᠡ | ᠬᠢᠬᠦ ᠵᠡᠷᠭᠡ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ︔ | ︵ᠬᠤᠶᠠᠷ︶ ᠠᠵᠢᠯ ᠦᠢᠯᠡᠰ ᠤᠨ ᠨᠢᠭᠡᠴᠢ ᠪᠦᠬᠦᠯᠢ ᠴᠣᠭᠴᠠ ᠪᠠᠷ ᠪᠤᠶᠤ ᠬᠡᠰᠡᠭ ᠲᠠᠯ᠎ᠠ ᠨᠢ ᠪᠠᠶᠢᠭᠤᠯᠤᠯ ᠢ ᠥᠭᠡᠷᠡᠴᠢᠯᠡᠨ ᠠᠵᠤ ᠠᠬᠤᠶᠢᠯᠠᠯ ᠪᠣᠯᠭᠠᠬᠤ ᠳᠤ | ᠬᠤᠯᠪᠣᠭᠳᠠᠭᠰᠠᠨ᠂ ᠡᠰᠡᠬᠦᠯ᠎ᠡ ᠵᠣᠭᠤᠰᠤᠨ ᠤ ᠪᠤᠰᠤ ᠴᠢᠨᠠᠷᠲᠠᠢ ᠡᠳ᠋ ᠬᠥᠷᠥᠩᠭᠡ ᠪᠠᠷ ᠭᠠᠳᠠᠭᠰᠢ ᠪᠡᠯᠡ ᠣᠷᠣᠭᠤᠯᠣᠯᠳᠡ ᠬᠢᠬᠦ︔ | ︵ᠭᠤᠷᠪᠠ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠬᠦ᠂ ᠰᠠᠯᠭᠠᠬᠤ᠂ ᠨᠠᠷᠢᠪᠴᠢᠯᠠᠨ ᠲᠣᠭᠠᠴᠠᠭᠠᠯᠠᠬᠤ︔ | ︵ᠳᠥᠷᠪᠡ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠪᠤᠶᠤ ᠬᠡᠰᠡᠭ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠪᠤᠰᠤ ᠨᠢᠭᠡᠴᠢ ᠳᠤ | ᠲᠦᠷᠢᠶᠡᠰᠦᠯᠡᠭᠦᠯᠦᠨ ᠥᠭᠬᠦ ᠥᠭᠭᠦᠭᠰᠡᠨ︔ | ︵ᠲᠠᠪᠤ︶ ᠵᠠᠷᠭᠤ ᠳᠤ ᠬᠤᠯᠪᠣᠭᠳᠠᠭᠰᠠᠨ ᠡᠳ᠋ ᠬᠥᠷᠥᠩᠭᠡ ᠶᠢᠨ ᠦᠨ᠎ᠡ ᠦᠷᠳᠡᠭ ᠢ ᠲᠣᠭᠲᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠦᠨᠡᠯᠡᠨ | ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ᠃ | ᠡᠳ᠋ ᠬᠥᠷᠥᠩᠭᠡ ᠶᠢᠨ ᠦᠨᠡᠯᠡᠨ ᠵᠢᠱᠢᠯᠲᠡ ᠳᠤ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ | ᠬᠢᠯᠭᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ ᠳᠠᠭᠠᠭᠠᠬᠤ᠂ ᠪᠤᠰᠤᠳᠴᠢ ᠪᠠᠷ᠂ ᠲᠥᠪ ᠭᠤᠣᠯᠴᠢ | ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠠᠤᠯᠢ ᠶᠣᠰᠣᠭᠠᠷ ᠦᠨᠡᠯᠡᠨ | ᠵᠢᠱᠢᠯᠲᠡ ᠬᠢᠬᠦ ᠬᠡᠷᠡᠭᠲᠡᠢ᠃ | ᠳᠥᠴᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ ᠪᠤᠳᠤᠵᠦ ᠨᠤᠲᠠᠯᠠᠯᠲᠠ ᠬᠢᠵᠦ ᠲᠠᠩᠰᠠᠨ ᠳᠤ ᠪᠠᠨ | ᠣᠷᠤᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ | ᠦᠨᠳᠦᠰᠦᠯᠡᠨ ᠲᠤᠰᠬᠠᠢ ᠮᠡᠷᠭᠡᠵᠢᠯᠲᠡᠨ ᠵᠣᠬᠢᠶᠠᠨ ᠪᠠᠶᠢᠭᠤᠯᠵᠤ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ ᠵᠢᠱᠢᠯᠲᠡ | ᠬᠢᠯᠭᠡᠬᠦ ᠶᠢᠨ ᠬᠠᠮᠲᠤ᠂ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ ᠪᠣᠯᠭᠠᠬᠤ ᠬᠡᠷᠡᠭᠲᠡᠢ᠃ | ᠲᠠᠪᠢᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ | ᠵᠦᠢᠯ ᠳᠤ ᠬᠠᠷᠭᠤᠭᠤᠯᠤᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ | ᠬᠠᠷᠭᠤᠭᠤᠯᠤᠨ ᠵᠥᠪᠰᠢᠶᠡᠷᠡᠬᠦ ᠳᠦᠷᠢᠮ ᠪᠣᠯᠣᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ ᠲᠥᠷᠥᠯ ᠵᠦᠢᠯ ᠤᠨ ᠬᠡᠪᠴᠢᠶ᠎ᠡ ᠵᠡᠷᠭᠡ ᠶᠢ ᠤᠯᠤᠰ ᠤᠨ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠲᠠᠪᠢᠨ ᠨᠢᠭᠡᠳᠦᠭᠡᠷ ᠵᠦᠢᠯ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠬᠡᠷᠡᠭᠲᠡᠢ᠄ | ︵ᠨᠢᠭᠡ︶ ᠳᠡᠭᠡᠳᠦ ᠱᠠᠲᠤᠨ ᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ | ᠬᠥᠷᠥᠩᠭᠡ ᠶᠢ ᠲᠣᠳᠣᠯᠠᠨ ᠪᠠᠶᠢᠴᠠᠭᠠᠬᠤ ᠪᠠᠷ ᠵᠣᠬᠢᠶᠠᠨ ᠪᠠᠶᠢᠭᠤᠯᠤᠭᠰᠠᠨ︔ | ︵ᠬᠤᠶᠠᠷ︶ ᠴᠢᠬᠤᠯᠠ ᠶᠡᠭᠡ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ | ᠪᠠᠶᠢᠭᠤᠯᠤᠯ ᠢ ᠥᠭᠡᠷᠡᠴᠢᠯᠡᠬᠦ᠂ ᠬᠦᠴᠦᠨ ᠦᠭᠡᠢ ᠪᠤᠯᠭᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔ | ︵ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠭᠳᠡᠰᠢ ᠦᠭᠡᠢ ᠬᠦᠴᠦᠨ ᠠᠴᠠ ᠪᠣᠯᠵᠤ ᠡᠳ᠋ ᠬᠥᠷᠥᠩᠭᠡ ᠬᠦᠨᠳᠦ ᠨᠣᠴᠢᠲᠠᠢ ᠡᠪᠳᠡᠭᠳᠡᠭᠰᠡᠨ ᠪᠠ | ᠰᠦᠢᠳᠬᠡᠭᠳᠡᠭᠰᠡᠨ︔ | ︵ᠳᠥᠷᠪᠡ︶ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢᠶᠠᠨ ᠬᠦᠨᠳᠦ ᠠᠯᠳᠠᠭᠰᠠᠨ︔ | ︵ᠲᠠᠪᠤ︶ ᠤᠯᠤᠰ ᠤᠨ ᠨᠢᠭᠲᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ | ᠠᠷᠭ᠎ᠠ ᠳᠤ ᠴᠢᠬᠤᠯᠠ ᠬᠤᠪᠢᠷᠠᠯᠲᠠ ᠭᠠᠷᠬᠤ ᠳᠤ ᠬᠤᠯᠪᠣᠭᠳᠠᠭᠰᠠᠨ︔ | ︵ᠵᠢᠷᠭᠤᠭ᠎ᠠ︶ ᠡᠳ᠋ ᠬᠥᠷᠥᠩᠭᠡ ᠪᠠᠨ ᠲᠣᠳᠣᠯᠠᠨ ᠪᠠᠶᠢᠴᠠᠭᠠᠬᠤ ᠴᠢᠬᠤᠯᠠᠲᠠᠢ ᠪᠤᠰᠤᠳ ᠪᠠᠶᠢᠳᠠᠯ᠃ | ᠲᠠᠪᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠶᠠᠪᠤᠴᠠ ᠳᠤ | ᠲᠠᠩᠰᠠ ᠨᠢ ᠪᠣᠳᠠᠲᠠᠢ ᠲᠠᠢ ᠨᠡᠶᠢᠴᠡᠬᠦ ᠦᠭᠡᠢ᠂ ᠲᠠᠩᠰᠠ ᠬᠤᠭᠤᠷᠣᠨᠳᠤ ᠪᠠᠨ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ | ᠲᠣᠳᠣᠯᠠᠭᠰᠠᠨ ᠤ ᠳᠠᠷᠠᠭ᠎ᠠ ᠲᠣᠳᠣᠷᠬᠠᠶᠢᠯᠠᠯᠲᠠ ᠬᠢᠬᠦ ᠶᠢᠨ ᠬᠠᠮᠲᠤ᠂ ᠲᠣᠳᠣᠯᠠᠨ ᠪᠠᠶᠢᠴᠠᠭᠠᠭᠰᠠᠨ ᠦᠷ᠎ᠡ ᠳ᠋ᠦᠩ ᠲᠠᠢ ᠪᠠᠨ ᠬᠠᠮᠲᠤ ᠬᠢᠨᠠᠨ ᠵᠥᠪᠰᠢᠶᠡᠷᠡᠭᠦᠯᠬᠦ ᠲᠠᠰ | ᠳᠠᠷᠠᠭᠠᠯᠠᠯ ᠢ ᠭᠦᠢᠴᠡᠳᠬᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠢᠨᠠᠨ ᠵᠥᠪᠰᠢᠶᠡᠷᠡᠭᠦᠯᠦᠭᠰᠡᠨ ᠦᠷ᠎ᠡ ᠳ᠋ᠦᠩ ᠢᠶᠠᠨ | ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠲᠣᠬᠢᠷᠠᠭᠤᠯᠬᠤ ᠶᠢᠨ ᠬᠠᠮᠲᠤ᠂ ᠨᠢᠭᠲᠠᠯᠠᠨ ᠪᠣᠳᠣᠵᠣ | ᠰᠢᠢᠳᠪᠦᠷᠢᠯᠡᠬᠦ ᠬᠡᠷᠡᠭᠲᠡᠢ᠃ | ᠡᠳ᠋ ᠬᠥᠷᠥᠩᠭᠡ ᠶᠢᠨ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠤ ᠡᠳ᠋ ᠬᠥᠷᠥᠩᠭᠡ ᠡᠪᠳᠡᠭᠳᠡᠵᠦ ᠰᠦᠢᠳᠬᠡᠭᠳᠡᠭᠰᠡᠨ ᠪᠣᠯ᠂ ᠬᠠᠤᠯᠢ ᠶᠣᠰᠣᠭᠠᠷ | ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠵᠢᠷᠭᠤᠳᠤᠭᠠᠷ ᠪᠦᠯᠦᠭ ᠡᠳ᠋ ᠬᠥᠷᠥᠩᠭᠡ ᠶᠢᠨ ᠮᠡᠳᠡᠭᠦᠯᠦᠯᠲᠡ ᠬᠢᠭᠡᠳ ᠬᠢᠨᠠᠯᠲᠠ ᠬᠠᠮᠢᠶᠠᠷᠤᠯᠲᠠ | ᠲᠠᠪᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠤᠨ ᠮᠡᠳᠡᠭᠦᠯᠦᠯᠲᠡ ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄ | ︵ᠨᠢᠭᠡ︶ ᠡᠳ᠋ ᠬᠥᠷᠥᠩᠭᠡ ᠶᠢᠨ ᠥᠷᠢ ᠰᠢᠷᠢ ᠶᠢᠨ ᠶᠡᠷᠦᠩᠬᠡᠢ ᠬᠡᠮᠵᠢᠶ᠎ᠡ ᠪᠠᠶᠢᠳᠠᠯ︔ | ︵ᠬᠤᠶᠠᠷ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ︔ | ︵ᠭᠤᠷᠪᠠ︶ ᠡᠳ᠋ ᠬᠥᠷᠥᠩᠭᠡ ᠶᠢ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ ᠠᠰᠢᠭ ᠤᠨ ᠪᠠᠶᠢᠳᠠᠯ︔ | ︵ᠳᠥᠷᠪᠡ︶ ᠡᠳ᠋ ᠬᠥᠷᠥᠩᠭᠡ ᠶᠢ ᠴᠢᠯᠦᠭᠡᠲᠡᠢ ᠪᠣᠯᠭᠠᠭᠰᠠᠨ ᠪᠠᠶᠢᠳᠠᠯ︔ | ︵ᠲᠠᠪᠤ︶ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ ᠪᠠ | ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠭᠰᠠᠨ ᠪᠠᠶᠢᠳᠠᠯ︔ | ︵ᠵᠢᠷᠭᠤᠭ᠎ᠠ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ︔ | ︵ᠲᠤᠯᠤᠭ᠎ᠠ︶ ᠮᠡᠳᠡᠭᠦᠯᠬᠦ ᠴᠢᠬᠤᠯᠠᠲᠠᠢ ᠪᠤᠰᠤᠳ ᠪᠠᠶᠢᠳᠠᠯ᠃ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | ᠲᠠᠪᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠵᠢᠯ ᠪᠦᠷᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠱᠠᠲᠤ | ᠳᠠᠷᠠᠭᠠᠯᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠣᠣᠷᠠᠳᠤ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠳᠦ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠳᠠᠯᠪᠢᠬᠤ ᠶᠢ ᠬᠦᠯᠢᠶᠡᠵᠦ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠠᠴᠠ ᠬᠢᠨᠠᠨ ᠵᠥᠪᠯᠡᠭᠡᠳ ᠳᠤᠷᠠᠳᠤᠨ ᠭᠠᠷᠭᠠᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠪᠦᠬᠦ᠋ᠢᠯᠡ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠬᠦᠯᠢᠶᠡᠬᠦ | ᠬᠡᠷᠡᠭᠲᠡᠢ᠃ | ᠲᠠᠪᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠣᠣᠷᠠᠳᠤ ᠱᠠᠲᠤᠨ ᠤ ᠵᠠᠰᠠᠭ ᠤᠨ | ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ | ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠂ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠨᠡᠶᠢᠭᠡᠮ | ᠨᠡᠶᠢᠲᠡ ᠳᠤ ᠢᠯᠡ ᠪᠣᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠨ ᠪᠣᠳᠣᠯᠲᠠ ᠪᠠᠷ ᠬᠢᠨᠠᠯᠲᠠ | ᠲᠠᠯᠪᠢᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ︽ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠡᠷᠬᠡ ᠲᠠᠢ᠃ ᠢᠯᠡᠴᠢᠯᠡᠨ ᠵᠠᠭᠠᠯᠳᠤᠬᠤ ᠶᠢ ᠬᠦᠯᠢᠶᠡᠨ ᠠᠪᠤᠭᠰᠠᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ | ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠠ ᠴᠣᠬᠢᠯᠲᠠ ᠥᠭᠴᠦ ᠥᠰᠢᠶ᠎ᠡ ᠪᠣᠳᠣᠵᠣ | ᠪᠣᠯᠬᠤ ᠦᠭᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ | ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠬᠤ ᠬᠡᠷᠡᠭᠲᠡᠢ᠃ | ᠵᠢᠷᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠲᠠᠳ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ | ᠲᠤᠰᠢᠶᠠᠯ ᠳᠤ ᠪᠠᠨ ᠠᠯᠮᠠᠶᠢᠷᠠᠨ ᠣᠰᠣᠯᠳᠤᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠢᠭᠤᠳ ᠵᠠᠬᠢᠷᠤᠨ ᠡᠵᠡᠮᠰᠢᠵᠦ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ | ᠲᠡᠷᠡ ᠲᠣᠭᠲᠠᠭᠠᠯ ᠢ ᠨᠢ ᠵᠢᠷᠤᠮᠯᠠᠨ᠎ᠠ᠃ | ᠵᠢᠷᠠᠨ ᠭᠤᠷᠪᠠᠳᠤᠭᠠᠷ ᠵᠦᠢᠯ ᠵᠣᠭᠤᠰ ᠤᠨ ᠬᠡᠯᠪᠡᠷᠢ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢ᠂ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ ᠠᠵᠢᠯ | ᠦᠢᠯᠡᠰ ᠤᠨ ᠨᠢᠭᠡᠴᠢ ᠶᠢᠨ ᠭᠠᠳᠠᠭᠰᠢ ᠪᠡᠯᠡ ᠣᠷᠣᠭᠤᠯᠤᠭᠰᠠᠨ ᠪᠦᠷᠢᠨ ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠵᠦ ᠪᠤᠯᠬᠤ ᠦᠭᠡᠢ᠃ | ᠵᠢᠷᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ | ᠲᠡᠦᠬᠡ ᠶᠢᠨ ᠳᠤᠷᠠᠰᠬᠠᠯᠲᠤ ᠵᠦᠢᠯ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠠᠨ ᠲᠠᠪᠤᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳ᠋ᠦ᠋ᠭᠡᠷ ᠲᠣᠭᠠᠲᠤ︶ ᠶᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | |