ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠲᠠᠰᠤᠷᠠᠯᠲᠠ ᠥᠬᠡᠶ ᠪᠠᠳᠤᠳᠬᠠᠬᠤ ᠶᠢᠨ ᠲᠥᠯᠥᠭᠡ᠂ 2024 ᠣᠨ ᠤ 12 ᠳ᠋ᠤᠭᠠᠷ ᠰᠠᠷ᠎ᠠ ᠶᠢᠨ 6 ᠤ ᠡᠳᠦᠷ᠂ ᠰᠠᠶᠢᠬᠠᠨ ᠲᠣᠭᠤᠷᠢᠭ ᠤᠨ ᠳᠥᠷᠪᠡᠳᠦᠭᠡᠷ | ᠬᠡᠦᠬᠡᠳ ᠤᠨ ᠴᠡᠴᠡᠷᠯᠢᠭ ︽ᠪᠣᠳᠠᠰ ᠤᠨ ᠪᠤᠰᠤ ᠰᠣᠶᠣᠯ ᠤᠨ ᠥᠪ ᠢ ᠬᠠᠮᠲᠤ ᠪᠠᠷ ᠤᠯᠠᠮᠵᠢᠯᠠᠬᠤ ᠠᠨᠠᠷ ᠤᠨ ᠬᠡᠯᠬᠢᠶ᠎ᠡ︾ — ︽ᠵᠠᠩᠭᠠᠷ︾ ᠬᠠᠶᠢᠯᠠᠬᠤ ᠤᠷᠠᠯᠢᠭ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠬᠥᠬᠡᠬᠤᠲᠠ ᠶᠢᠨ ᠦᠨᠳᠦᠰᠦᠲᠡᠨ ᠤ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠬᠡᠨ ᠤ ᠲᠦᠪ᠂ ᠰᠠᠶᠢᠬᠠᠨ ᠲᠣᠭᠤᠷᠢᠭ ᠤᠨ ᠦᠨᠳᠦᠰᠦᠲᠡᠨ ᠤ ᠵᠥᠪᠯᠡᠯ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠭᠠᠨ ᠤ ᠲᠥᠪ ᠤᠨ ᠬᠠᠮᠢᠶ᠎ᠠ ᠪᠦᠬᠦᠢ ᠬᠥᠮᠦᠰ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | ᠰᠠᠶᠢᠬᠠᠨ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠬᠥᠭᠵᠢᠮ ᠤᠨ ᠲᠠᠰᠤᠭ ᠢ ᠲᠣᠭᠤᠷᠢᠨ ᠦᠵᠡᠪᠡ | ᠰᠤᠷᠤᠯᠭ᠎ᠠ ᠡᠬᠢᠯᠡᠬᠦ ᠶᠣᠰᠣᠯᠠᠯ ᠠᠴᠠ ᠡᠮᠦᠨ᠎ᠡ᠂ ᠣᠯᠠᠨ ᠢᠶᠠᠷ ᠢᠶᠠᠨ ᠬᠥᠭᠵᠢᠮ ᠤᠨ ᠥᠷᠥᠭᠡ᠂ ᠬᠠᠳᠬᠤᠮᠠᠯ ᠬᠠᠳᠬᠤᠬᠤ ᠪᠤᠳᠤᠭ ᠣᠷᠤᠭᠤᠯᠬᠤ ᠥᠷᠥᠭᠡ᠂ | ᠸᠠᠭᠠᠷ ᠰᠢᠪᠠᠷ ᠤᠨ ᠥᠷᠥᠭᠡ ᠵᠡᠷᠭᠡ ᠰᠣᠶᠣᠯ ᠤᠨ ᠠᠭᠤᠷ ᠠᠮᠢᠰᠬᠤᠯ ᠪᠢᠯᠬᠠᠭᠰᠠᠨ ᠴᠢᠳᠠᠮᠵᠢᠲᠤ ᠬᠢᠴᠢᠶᠡᠯ ᠤᠨ ᠬᠡᠷ ᠢ ᠲᠣᠭᠤᠷᠢᠨ ᠦᠵᠡᠵᠦ᠂ ᠪᠣᠳᠠᠰ ᠤᠨ ᠪᠤᠰᠤ | ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠤᠭᠰᠠᠨ ᠠᠮᠢᠳᠤᠯᠢᠭ ᠦᠶᠯᠡᠳᠦᠯᠭᠡ ᠶᠢ ᠭᠦᠨᠵᠡᠭᠡᠶ ᠣᠶᠢᠯᠠᠭᠠᠪᠠ᠃ ᠳᠠᠷᠠᠭ᠎ᠠ ᠨᠢ ᠬᠤᠯᠤᠰᠤᠨ | ᠰᠠᠪᠠᠭ᠎ᠠ ᠶᠢᠨ ᠪᠥᠵᠢᠭ ᠦᠰᠦᠷᠬᠦ᠂ ᠭᠤᠮ ᠳᠡᠬᠡᠰᠦ ᠦᠰᠦᠷᠬᠦ᠂ ᠬᠦᠯᠡ ᠴᠠᠭᠠᠷᠢᠭ ᠡᠷᠭᠢᠭᠦᠯᠬᠦ ᠵᠡᠷᠭᠡ ᠭᠡᠷ ᠤᠨ ᠭᠠᠳᠠᠨᠠᠬᠢ ᠤᠯᠠᠮᠵᠢᠯᠠᠯᠲᠤ ᠬᠥᠳᠡᠯᠭᠡᠭᠡᠨ ᠢ ᠪᠡᠶᠡᠴᠢᠯᠡᠨ | ᠣᠶᠢᠯᠠᠭᠠᠪᠠ᠃ ᠶᠣᠰᠣᠯᠠᠯ ᠳᠡᠭᠡᠷ᠎ᠡ᠂ ᠪᠠᠭᠰᠢ ᠪᠣᠯᠤᠨ ᠭᠡᠷ ᠤᠨ ᠠᠬᠠᠮᠠᠳ ᠬᠠᠮᠲᠤ ᠪᠠᠷ ︽ᠵᠠᠩᠭᠠᠷ ᠤᠨ ᠮᠠᠭᠲᠠᠭᠠᠯ︾ ᠢ ᠲᠣᠭᠯᠠᠪᠠ᠂ ᠲᠡᠳᠡ ᠭᠤᠶᠢᠳᠠ ᠰᠠᠶᠢᠬᠠᠨ ᠤᠷ᠎ᠠ | ᠮᠡᠷᠭᠡᠵᠢᠯ ᠪᠣᠯᠤᠨ ᠭᠦᠨ ᠰᠡᠳᠬᠢᠯᠭᠡ ᠲᠠᠢ ᠲᠣᠭᠯᠠᠯᠲᠠ ᠪᠠᠷ ᠢᠶᠠᠨ ᠡᠨᠡ ᠬᠦ ᠪᠠᠶᠠᠯᠢᠭ ᠠᠭᠤᠯᠭ᠎ᠠ ᠬᠡᠯᠪᠡᠷᠢ ᠲᠠᠢ ᠲᠤᠤᠯᠢ ᠶᠢᠨ ᠪᠠᠭᠠᠲᠤᠷᠯᠢᠭ ᠦᠯᠢᠭᠡᠷ ᠢ ᠬᠡᠦᠬᠡᠳ ᠲᠤ | ᠠᠮᠢᠳᠤᠯᠢᠭ ᠢᠶᠠᠷ ᠳᠡᠯᠭᠡᠨ ᠦᠵᠡᠭᠦᠯᠪᠡ᠃ ᠲᠣᠰ ᠤᠳᠠᠭᠠᠨ ᠤ ︽ᠵᠠᠩᠭᠠᠷ︾ ᠬᠠᠶᠢᠯᠠᠬᠤ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ | ᠡᠷᠬᠢᠯᠡᠭᠰᠡᠨ ᠨᠢ᠂ ︽ᠵᠠᠩᠭᠠᠷ︾ ᠤᠨ ᠲᠤᠤᠯᠢ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠤᠯᠠᠮ ᠨᠢᠭᠡ | ᠠᠯᠬᠤᠮ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠳᠠᠰ ᠤᠨ ᠪᠤᠰᠤ ᠰᠣᠶᠣᠯ ᠢ ᠬᠠᠮᠠᠭᠠᠯᠠᠬᠤ ᠪᠠ | ᠤᠯᠠᠮᠵᠢᠯᠠᠨ ᠵᠠᠯᠭᠠᠮᠵᠢᠯᠠᠬᠤ ᠠᠵᠢᠯ ᠳᠤ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ | ᠲᠥᠯᠥᠭᠡ ᠶᠤᠮ᠃ | | ᠰᠠᠶᠢᠬᠠᠨ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠠᠭᠰᠢ ᠪᠣᠯᠤᠨ ᠬᠡᠷ ᠤᠨ ᠠᠬᠠᠮᠠᠳ ᠬᠠᠮᠲᠤ ᠪᠠᠷ ︽ᠵᠠᠩᠭᠠᠷ ᠤᠨ ᠮᠠᠭᠳᠠᠭᠠᠯ︾ ᠢ | ᠲᠣᠭᠯᠠᠪᠠ | ︽ᠵᠠᠩᠭᠠᠷ︾ ᠤᠨ ᠲᠤᠤᠯᠢ ᠨᠢ ᠭᠦᠨ ᠵᠤᠵᠠᠭᠠᠨ ᠪᠠᠭᠠᠲᠤᠷᠯᠢᠭ ᠦᠵᠡᠯ ᠤᠨ ᠴᠤᠭ ᠰᠦᠯᠳᠡ ᠲᠠᠢ ᠪᠠᠶᠢᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠤᠷᠬᠢᠯᠤᠭᠤᠨ ᠰᠠᠨᠠᠭ᠎ᠠ ᠶᠢ ᠢᠯᠡᠷᠡᠭᠦᠯᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠢ ᠬᠦᠰᠡᠨ ᠡᠷᠡᠮᠡᠯᠵᠡᠬᠦ ᠰᠠᠶᠢᠨ ᠰᠠᠶᠢᠬᠠᠨ ᠬᠦᠰᠡᠯᠡᠩ ᠢ ᠢᠯᠡᠳᠬᠡᠳᠡᠭ᠂ ᠡᠬᠦᠨ | ᠳᠤ ᠤᠯᠤᠰ ᠢᠶᠠᠨ ᠬᠠᠶᠢᠷᠠᠯᠠᠬᠤ ᠬᠡᠷ ᠢᠶᠠᠨ ᠬᠠᠶᠢᠷᠠᠯᠠᠬᠤ ᠡᠩᠬᠡ ᠲᠠᠶᠢᠪᠤᠩ ᠢ ᠬᠠᠶᠢᠷᠠᠯᠠᠬᠤ ᠭᠤᠣᠯ ᠰᠡᠳᠦᠪᠲᠦ ᠦᠵᠡᠯ ᠰᠠᠨᠠᠭ᠎ᠠ ᠠᠭᠤᠯᠤᠭᠳᠠᠵᠤ ᠪᠠᠶᠢᠬᠤ ᠪᠥᠭᠡᠳ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠭᠤᠯᠭ᠎ᠠ ᠠᠭᠤᠯᠤᠭᠳᠠᠵᠤ ᠪᠠᠶᠢᠳᠠᠭ᠃ ︽ᠵᠠᠩᠭᠠᠷ︾ ᠤᠨ ᠲᠤᠤᠯᠢ ᠶᠢ | ᠬᠠᠮᠠᠭᠠᠯᠠᠬᠤ ᠪᠣᠯᠤᠨ ᠰᠤᠳᠤᠯᠬᠤ ᠶᠢ ᠡᠷᠬᠡ ᠲᠤᠰᠢᠶᠠᠯ ᠡᠭᠦᠷᠭᠡ ᠳᠤ ᠣᠷᠣᠭᠤᠯᠤᠭᠰᠠᠨ ᠠᠴᠠ ᠬᠤᠶᠢᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠨᠢ ︽ᠵᠠᠩᠭᠠᠷ︾ ᠢ ᠤᠯᠠᠮᠵᠢᠯᠠᠨ ᠬᠥᠭᠵᠢᠭᠦᠯᠬᠦ ᠲᠠᠯ᠎ᠠ ᠪᠠᠷ ᠴᠤᠴᠠᠰᠢ ᠦᠬᠡᠢ ᠴᠢᠷᠮᠠᠶᠢᠵᠤ᠂ | ᠬᠥᠮᠦᠰ ᠤᠨ ᠠᠩᠬᠠᠷᠤᠯ ᠢ ᠲᠠᠲᠠᠮ᠎ᠠ ᠠᠮᠵᠢᠯᠲᠠ ᠭᠠᠷᠭᠠᠭᠰᠠᠨ ᠪᠠᠶᠢᠨ᠎ᠠ᠃ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠩᠭᠠᠷ︾ | ᠨᠢ ᠲᠠᠪᠤᠳᠤᠭᠠᠷ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠲᠤ ᠵᠢᠭᠰᠠᠭᠠᠭᠳᠠᠵᠤ᠂ | ᠥᠪᠥᠷ ᠮᠣᠩᠭᠤᠯ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠭᠤᠷᠪᠠᠨ ᠲᠤᠮᠤ ᠲᠤᠤᠯᠢ ᠶᠢ ᠤᠯᠠᠮᠵᠢᠯᠠᠨ ᠬᠠᠮᠠᠭᠠᠯᠠᠬᠤ ᠠᠵᠢᠯ ᠰᠢᠨ᠎ᠡ ᠱᠠᠲᠤᠨ ᠳᠤ | ᠤᠷᠤᠬᠰᠠᠨ ᠪᠡᠯᠭᠡ ᠲᠡᠮᠳᠡᠭ ᠤᠨ ᠴᠢᠨᠠᠷᠲᠠᠢ ᠠᠮᠵᠢᠯᠲᠠ ᠪᠦᠳᠦᠮᠵᠢ ᠶᠢᠨ ᠨᠢᠭᠡ ᠨᠢ ᠪᠣᠯᠪᠠ᠃ | | | | | | | ᠣᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠬᠡᠢ ᠨᠠᠶᠢᠷᠠᠭᠤᠯᠤᠭᠴᠢ᠄ ᠬᠤᠣᠰᠪᠠᠶᠠᠷ | ᠶᠡᠷᠦᠩᠬᠡᠢ ᠨᠠᠶᠢᠷᠠᠭᠤᠯᠤᠭᠴᠢ᠄ ᠸᠠᠩ ᠰᠢᠥᠸᠠᠢ ᠳ᠋ᠦᠩ | |