︽ᠠᠨᠠᠷ ᠤᠨ ᠬᠡᠯᠬᠢᠶ᠎ᠡ︾ ᠬᠤᠪᠢᠰᠬᠠᠯᠳᠤ ᠰᠡᠳᠬᠢᠯ ᠢ ᠱᠤᠭᠤᠶ᠎ᠡ — ᠭᠤᠷᠪᠠᠨ ᠱᠠᠲᠤᠨ ᠤ ᠦᠨᠳᠦᠰᠦᠲᠡᠨ ᠤ ᠵᠥᠪᠯᠡᠯ ᠬᠠᠮᠳᠤᠷᠠᠵᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/4/5
      ᠨᠠᠮ ᠤᠨ ᠪᠠᠶᠢᠭᠤᠯᠤᠯᠲᠠ ᠪᠠᠷ ᠬᠠᠮᠳᠤᠷᠠᠯ ᠤᠨ ᠬᠦᠴᠦᠨ ᠢ ᠬᠥᠲᠥᠯᠥᠨ ᠳᠠᠭᠠᠭᠤᠯᠵᠤ᠂ ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠪᠠᠲᠤ ᠴᠢᠩᠭ᠎ᠠ ᠪᠠᠬᠢᠯᠡᠯᠲᠡ ᠲᠠᠢ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠱᠢᠶᠡᠴᠢ ᠪᠠᠷ ᠲᠦᠷᠦᠭᠦᠯᠡᠭᠦᠯᠵᠦ᠂ ᠰᠢᠨ᠎ᠡ ᠡᠭᠦᠳᠦᠯᠲᠡ  ᠲᠠᠢ ᠪᠠᠷ ᠬᠥᠲᠥᠯᠥᠨ ᠳᠠᠭᠠᠭᠤᠯᠬᠤ ᠦᠢᠯᠡᠳᠦᠯ ᠢ ᠲᠠᠰᠤᠷᠠᠯᠲᠠ ᠦᠭᠡᠢ ᠪᠠᠳᠠᠷᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠦᠨᠳᠦᠰᠦᠨ ᠱᠠᠲᠤᠨ ᠤ ᠬᠡᠰᠡᠭ ᠨᠠᠮ ᠤᠨ ᠡᠭᠦᠷ ᠨᠢ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠬᠤᠳᠠ ᠶᠢᠨ ᠦᠨᠳᠦᠰᠦᠳᠡᠨ ᠤ ᠵᠦᠪᠯᠡᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢᠨ ᠦᠨᠳᠦᠰᠦᠲᠡᠨ ᠤ ᠵᠥᠪᠯᠡᠯ᠂ ᠦᠨᠳᠦᠰᠦᠲᠡᠨ ᠤ ᠵᠥᠪᠯᠡᠯ ᠤᠨ ᠬᠡᠰᠡᠭ ᠭᠡᠰᠢᠭᠦᠨ ᠨᠢᠭᠡᠴᠢ ᠶᠢᠨ ᠨᠠᠮ ᠤᠨ ᠡᠭᠦᠷ ᠲᠠᠢ ᠬᠠᠮᠳᠤᠷᠠᠵᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠭᠢᠯᠲᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠨᠵᠡᠭᠡᠶᠢᠷᠡᠵᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ᠂ ᠡᠷᠡᠯᠬᠡᠭᠯᠡᠨ ᠤᠷᠤᠭᠰᠢᠯᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠪᠡ᠃ 
W020240328401694074604_ORIGIN.jpg     
      ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠨᠥᠬᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠤᠨ ᠲᠤᠤᠷ᠎ᠠ᠂ ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ᠂ ᠨᠠᠮ ᠳᠤ ᠪᠠᠨ ᠳᠠᠬᠢᠨᠲᠠ ᠲᠠᠩᠭᠠᠷᠢᠭᠯᠠᠪᠠ᠃ ᠳᠠᠷᠠᠭ᠎ᠠ ᠨᠢ ᠤᠯᠠᠨ ᠢᠶᠠᠷ ᠢᠶᠠᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠬᠤᠩᠭᠢᠯᠲᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ︽ᠰᠦᠢᠶᠤᠸᠠᠨ ᠤ ᠵᠡᠭᠦᠨ ᠬᠡᠰᠡᠭ ᠤᠨ ᠶᠠᠫᠤᠨ ᠢ ᠡᠰᠡᠷᠭᠦᠴᠡᠬᠦ ᠳᠠᠶᠢᠨ ᠤ ᠠᠩᠬᠠᠨ ᠤ ᠫᠤᠤ ᠶᠢ ᠫᠤᠤᠳᠠᠭᠰᠠᠨ︾ ᠬᠤᠩᠭᠢᠯᠲᠤ ᠶᠢᠨ ᠳᠠᠶᠢᠯᠠᠯᠳᠤᠭᠠᠨ ᠢ ᠭᠦᠨᠵᠡᠭᠡᠢ ᠣᠶᠢᠯᠠᠭᠠᠵᠤ᠂ ᠦᠵᠡᠬᠦᠯᠭᠡ ᠶᠢᠨ ᠣᠷᠳᠣᠨ ᠤ ᠳᠣᠲᠣᠷᠠᠬᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠲᠡᠦᠬᠡᠨ ᠮᠠᠲ᠋ᠧᠷᠢᠶᠠᠯ ᠢ ᠨᠠᠷᠢᠨ ᠬᠢᠨᠠᠮᠠᠭᠠᠢ ᠲᠣᠭᠤᠷᠢᠨ ᠦᠵᠡᠵᠦ᠂ ᠰᠡᠳᠬᠢᠯ ᠬᠦᠳᠡᠯᠭᠡᠮ᠎ᠡ ᠪᠠᠭᠠᠲᠤᠷᠯᠢᠭ ᠦᠯᠢᠭᠡᠷ ᠤᠳ ᠢ ᠰᠣᠨᠣᠰᠴᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠠᠲᠠᠭᠤᠵᠢᠯᠲᠠᠢ ᠦᠢᠯᠡᠰ ᠪᠣᠰᠬᠠᠭᠰᠠᠨ ᠥᠩᠭᠡᠷᠡᠯᠲᠡ ᠶᠢ ᠭᠦᠨᠵᠡᠭᠡᠢ ᠣᠶᠢᠯᠠᠭᠠᠪᠠ᠃ 
W020240328401694113915_ORIGIN.jpg     
      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠵᠦ᠂ ᠤᠯᠠᠨ ᠢᠶᠠᠷ ᠢᠶᠠᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠠᠮᠢ ᠪᠡᠶ᠎ᠡ ᠪᠠᠨ ᠵᠣᠷᠢᠭᠤᠯᠵᠤ᠂ ᠬᠠᠯᠠᠭᠤᠨ ᠴᠢᠰᠤ ᠪᠠᠨ ᠤᠷᠤᠰᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠭᠰᠡᠨ ᠵᠣᠷᠢᠭ ᠰᠠᠨᠠᠭ᠎ᠠ ᠶᠢ ᠭᠦᠢᠴᠡᠳ ᠮᠡᠳᠡᠷᠡᠵᠦ᠂  ᠬᠤᠪᠢᠰᠬᠠᠯᠳᠤ ᠳᠤᠷᠠᠰᠤᠮᠵᠢ ᠶᠢ ᠡᠷᠭᠢᠴᠡᠭᠦᠯᠬᠦ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠺᠠᠳ᠋ᠷ ᠤᠨ ᠡᠩᠨᠡᠭᠡ ᠶᠢᠨ ᠤᠭ ᠰᠠᠨᠠᠭ᠎ᠠ ᠪᠠᠨ ᠦᠯᠦ ᠮᠠᠷᠲᠠᠵᠤ ᠨᠠᠮ ᠤᠨ ᠠᠴᠢ ᠳᠤ ᠲᠠᠯᠠᠷᠬᠠᠵᠤ᠂  ᠨᠠᠮ ᠤᠨ ᠦᠭᠡ ᠶᠢ ᠭᠤᠶᠢᠪᠢᠰᠢ ᠦᠭᠡᠢ ᠰᠤᠨᠤᠰᠴᠦ᠂ ᠨᠠᠮ ᠢᠶᠠᠨ ᠭᠤᠶᠢᠪᠢᠰᠢ ᠦᠭᠡᠢ ᠲᠠᠭᠠᠨ ᠤᠷᠤᠭᠰᠢᠯᠠᠬᠤ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠴᠢᠩᠭᠠᠳᠬᠠᠪᠠ᠃ ᠣᠯᠠᠨ ᠢᠶᠠᠷ ᠢᠶᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠵᠥᠪᠯᠡᠯ ᠤᠨ ᠭᠡᠰᠢᠭᠦᠨᠴᠢ ᠶᠢᠨ ᠲᠦᠷᠢᠮ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠪᠤᠳᠠᠳᠠᠢ ᠲᠥᠷᠥᠭᠳᠡᠯ ᠲᠠᠢ ᠪᠦᠳᠦᠮᠵᠢ ᠲᠠᠢ ᠦᠷᠨᠢᠬᠦᠯᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠬᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃          ᠣᠷᠴᠢᠭᠤᠯᠤᠭᠴᠢ᠄ ᠤᠷᠢᠬᠠᠨ          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ