ᠥᠪᠥᠷ ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠶᠢᠨ ᠨᠠᠮ ᠤᠨ ᠡᠭᠦᠷ᠂ ᠰᠤᠷᠭᠠᠨ ᠬᠥᠮᠦᠵᠢᠯ ᠤᠨ ᠭᠠᠵᠠᠷ ᠤᠨ ᠨᠠᠮ ᠤᠨ ᠡᠭᠦᠷ᠂ ᠦᠨᠳᠦᠰᠦᠲᠡᠨ ᠤ ᠬᠡᠯᠡ ᠪᠢᠴᠢᠭ ᠤᠨ ᠭᠠᠵᠠᠷ ᠤᠨ ᠨᠠᠮ ᠤᠨ ᠡᠭᠦᠷ ᠬᠠᠮᠲᠤᠷᠠᠨ ︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/8
      4 ᠳ᠋ᠦ᠋ᠭᠡᠷ ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠶᠢᠨ ᠨᠠᠮ ᠤᠨ ᠡᠭᠦᠷ᠂ ᠰᠤᠷᠭᠠᠨ ᠬᠥᠮᠦᠵᠢᠯ ᠤᠨ ᠭᠠᠵᠠᠷ ᠤᠨ ᠨᠠᠮ ᠤᠨ ᠡᠭᠦᠷ᠂ ᠦᠨᠳᠦᠰᠦᠲᠡᠨ ᠤ ᠬᠡᠯᠡ ᠪᠢᠴᠢᠭ ᠤᠨ ᠭᠠᠵᠠᠷ ᠤᠨ ᠨᠠᠮ ᠤᠨ ᠡᠭᠦᠷ ᠤᠨ ᠬᠢᠨ ᠬᠥᠬᠡᠬᠤᠲᠠ ᠶᠢᠨ ᠤᠮᠠᠷᠠᠲᠤ ᠶᠢᠨ ᠴᠡᠷᠢᠭ ᠤᠨ ᠲᠠᠪᠢ ᠶᠢᠰᠦᠳᠦᠭᠡᠷ ᠠᠷᠮᠢ ᠶᠢᠨ ᠶᠠᠫᠤᠨ ᠢ ᠡᠰᠡᠷᠭᠦᠴᠡᠵᠦ ᠦᠷᠡᠭᠳᠡᠭᠰᠡᠨ ᠪᠠᠭᠠᠲᠤᠷᠴᠤᠳ ᠤᠨ ᠨᠡᠶᠢᠲᠡ ᠶᠢᠨ ᠣᠩᠭᠤᠨ ᠳᠤ ︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ 
W020240407618951236240_ORIGIN.jpg      
      ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠠᠬᠤᠢ ᠲᠠᠯᠠᠪᠠᠢ      ᠠᠵᠢᠯᠯᠠᠭ᠎ᠠ ᠳᠤ᠂ ᠶᠠᠫᠤᠨ ᠢ ᠡᠰᠡᠷᠭᠦᠴᠡᠬᠦ ᠨᠡᠶᠢᠲᠡ ᠶᠢᠨ ᠣᠩᠭᠤᠨ ᠤ ᠡᠮᠦᠨ᠎ᠡ ᠨᠠᠮ ᠤᠨ ᠭᠡᠰᠢᠭᠦᠨ ᠺᠠᠳ᠋ᠷᠴᠤᠳ ᠴᠡᠴᠡᠭ ᠬᠦᠷᠭᠡᠬᠦ ᠶᠢᠨ ᠬᠠᠮᠲᠤ ᠨᠠᠮᠠᠨᠴᠢᠯᠠᠨ ᠭᠠᠰᠢᠭᠤᠳᠠᠵᠤ᠂ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢ ᠭᠦᠨ᠎ᠡ  ᠭᠠᠰᠢᠭᠤᠳᠠᠨ ᠮᠦᠷᠦᠭᠡᠳᠴᠦ ᠪᠠᠶᠢᠬᠤ ᠪᠠᠨ ᠢᠯᠡᠳᠬᠡᠬᠦ ᠶᠢᠨ ᠬᠠᠮᠲᠤ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠡᠷᠭᠢᠴᠡᠭᠦᠯᠪᠡ᠃ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠵᠤ᠂ ᠨᠠᠮ ᠤᠨ ᠭᠡᠰᠢᠭᠦᠨ ᠺᠠᠳ᠋ᠷᠴᠤᠳ ᠦᠷᠡᠭᠳᠡᠭᠰᠡᠨ ᠪᠠᠭᠠᠲᠤᠷᠴᠤᠳ ᠤᠨ ᠠᠮᠢ ᠪᠡᠶ᠎ᠡ ᠪᠠᠨ ᠦᠷᠡᠭᠳᠡᠭᠦᠯᠬᠦ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠬᠤᠪᠢᠰᠬᠠᠯᠲᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃ ᠤᠯᠠᠨ ᠢᠶᠠᠷ ᠢᠶᠠᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ ᠤᠯᠠᠮᠵᠢᠯᠠᠵᠤ᠂ ᠢᠮᠠᠭᠲᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠶᠢ ᠦᠨᠡᠨ ᠬᠦ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠠᠬᠢᠭᠤᠯᠬᠤ ᠳᠤ ᠡᠯ᠎ᠡ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠨ᠎ᠡ ᠭᠡᠪᠡ᠃ 
W020240407618951274964_ORIGIN.jpg     
      ᠶᠠᠫᠤᠨ ᠢ ᠡᠰᠡᠷᠭᠦᠴᠡᠭᠰᠡᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ  ᠴᠡᠴᠡᠭ ᠬᠦᠷᠭᠡᠭᠰᠡᠨ ᠠᠬᠤᠢ ᠲᠠᠯᠠᠪᠠᠶ       ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠰᠬᠠᠢ ᠲᠤᠰᠢᠶᠠᠯᠲᠤ ᠭᠡᠰᠢᠭᠦᠨ ᠠᠯᠲᠠ᠂ ᠡᠯ᠎ᠡ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃           ᠣᠷᠴᠢᠭᠤᠯᠤᠭᠴᠢ᠄ ᠣᠶᠤᠨᠲᠠᠨ᠎ᠠ           ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ
ᠢᠷᠡᠯᠲᠡ᠄ ᠥᠪᠥᠷ ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ