ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 24 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠥᠷᠭᠡᠳᠬᠡᠨ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ᠢ ᠶᠠᠷᠢᠯᠴᠠᠨ ᠪᠠᠲᠤᠯᠠᠪᠠ᠃ | ᠬᠤᠷᠠᠯ ᠳᠤ ᠵᠢᠭᠠᠵᠤ ᠭᠠᠷᠭᠠᠭᠰᠠᠨ ᠨᠢ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ ᠰᠢᠰᠲ᠋ᠧᠮ ᠤᠨ ᠥᠪᠡᠷ ᠤᠨ ᠠᠯᠳᠠᠭ᠎ᠠ ᠪᠠᠨ | ᠵᠠᠯᠠᠷᠠᠭᠤᠯᠬᠤ ᠳᠤ ᠬᠢᠨᠠᠯᠲᠠ ᠲᠠᠯᠪᠢᠬᠤ ᠳᠦᠷᠢᠮ ᠪᠠ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠡᠳᠬᠦᠮᠵᠢ ᠶᠢᠨ ᠳᠦᠷᠢᠮ ᠮᠥᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠭᠠᠷᠳᠠᠴᠠ ᠮᠥᠨ᠃ ᠵᠠᠰᠠᠭ ᠵᠠᠬᠢᠷᠭᠠᠨ ᠤ ᠳᠠᠬᠢᠨ | ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠬᠠᠤᠯᠢ ᠶᠢᠨ ᠬᠡᠷᠡᠭᠵᠢᠭᠦᠯᠬᠦ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠠᠤᠯᠢ ᠳᠤ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠪᠦᠷᠢᠮᠦᠰᠦᠨ ᠭᠦᠢᠴᠡᠳᠬᠡᠭᠰᠡᠨ ᠦᠭᠡᠢ᠂ ᠳᠠᠷᠠᠭᠠᠯᠠᠯ ᠨᠢ ᠬᠠᠤᠯᠢ ᠠᠴᠠ ᠵᠥᠷᠢᠴᠡᠭᠰᠡᠨ᠂ ᠳᠤᠷ᠎ᠠ ᠪᠠᠷ ᠵᠣᠭᠤᠰ ᠲᠣᠷᠭᠠᠬᠤ ᠵᠡᠷᠭᠡ ᠦᠢᠯᠡ | ᠠᠵᠢᠯᠯᠠᠭ᠎ᠠ ᠨᠤᠭᠤᠳ ᠲᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠠᠷᠠᠳ ᠲᠤ ᠨᠠᠩ | ᠳᠥᠭᠦᠮᠯᠡᠬᠦ ᠶᠢ ᠠᠬᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠦᠲᠦᠮᠵᠢ ᠪᠠ ᠨᠡᠶᠢᠲᠡ ᠶᠢᠨ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ | ᠵᠠᠬᠢᠷᠭᠠᠨ ᠤ ᠳᠠᠬᠢᠨ ᠵᠥᠪᠯᠡᠬᠦ ᠶᠢ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠯᠦᠭᠡ ᠵᠣᠯᠭᠠᠭᠤᠯᠬᠤ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠮᠠᠷᠭᠤᠯᠳᠤᠭᠠᠨ ᠢ ᠵᠠᠰᠠᠭ ᠵᠠᠬᠢᠷᠭᠠᠨ ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠠᠴᠠ ᠵᠠᠰᠠᠭ ᠵᠠᠬᠢᠷᠭᠠᠨ ᠤ ᠳᠠᠬᠢᠨ | ᠵᠥᠪᠯᠡᠬᠦ ᠠᠷᠭ᠎ᠠ ᠵᠠᠮ ᠳᠤ ᠣᠷᠣᠭᠤᠯᠤᠨ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠳᠤ ᠵᠢᠭᠠᠵᠤ ᠭᠠᠷᠭᠠᠭᠰᠠᠨ ᠨᠢ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ ᠵᠡᠷᠭᠡ ᠭᠠᠳᠠᠭᠠᠳᠤ ᠠᠷᠠᠯᠵᠢᠶᠠᠨ ᠤ | ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠨᠢ ᠭᠠᠳᠠᠭᠠᠳᠤ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠬᠦ᠂ ᠬᠡᠪᠴᠢᠶ᠎ᠡ ᠶᠢ ᠲᠣᠭᠲᠠᠪᠤᠷᠢᠵᠢᠭᠤᠯᠬᠤ ᠶᠢ | ᠠᠬᠢᠭᠤᠯᠬᠤ ᠳᠤ ᠠᠰᠢᠭᠲᠠᠢ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠳᠤ ᠠᠰᠢᠭᠲᠠᠢ ᠶᠤᠮ᠃ ᠬᠢᠯᠢ | ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠵᠤ᠂ ᠣᠷᠣᠨ ᠨᠤᠲᠤᠭ ᠤᠨ ᠬᠢᠨ ᠣᠨᠴᠠᠯᠢᠭᠲᠤ | ᠳᠠᠪᠠᠭᠤᠯᠢᠭ ᠲᠤ ᠪᠠᠨ ᠰᠠᠭᠤᠷᠢᠯᠠᠨ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠠᠵᠤ | ᠠᠬᠤᠶᠢᠯᠠᠯ ᠳᠤ ᠨᠡᠩ ᠤᠯᠠᠨ ᠳᠡᠯᠭᠡᠨ ᠦᠵᠡᠭᠦᠯᠵᠦ ᠵᠣᠯᠭᠠᠭᠤᠯᠬᠤ ᠲᠠᠪᠴᠠᠩ ᠬᠠᠩᠭᠠᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠪᠣᠯᠣᠨ ᠪᠠᠷᠠᠭᠠᠨ ᠤ ᠭᠦᠢᠯᠭᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠰᠢᠯᠢᠳᠡᠭᠵᠢᠭᠦᠯᠵᠦ᠂ ᠪᠠᠷᠢᠮᠵᠢᠶ᠎ᠠ ᠳᠦᠷᠢᠮ ᠤᠨ | ᠪᠠᠶᠢᠭᠤᠯᠤᠯᠲᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ | ᠴᠢᠩᠭᠠᠳᠬᠠᠵᠤ᠂ ᠡᠮᠬᠢ ᠵᠢᠷᠤᠮ ᠲᠠᠢ ᠪᠠᠷ ᠥᠷᠢᠰᠦᠯᠳᠦᠬᠦ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ | ᠬᠥᠭᠵᠢᠯᠲᠡ ᠳᠤ ᠨᠡᠩ ᠰᠠᠶᠢᠨ ᠬᠦᠴᠦᠨ ᠣᠯᠭᠤᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃ | |