2023 ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠭᠦᠨ᠎ᠡ ᠬᠤᠲᠠ ᠶᠢᠨ ᠡᠩᠬᠡ ᠣᠷᠣᠰ ᠦᠨᠳᠦᠰᠦᠲᠡᠨ ᠤ ᠰᠢᠶᠠᠩ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠠᠵᠢᠯ ᠤᠨ ᠬᠡᠪ ᠵᠠᠭᠪᠤᠷ ᠢᠶᠠᠨ | ᠲᠠᠰᠤᠷᠠᠯᠲᠠ ᠥᠬᠡᠶ ᠰᠢᠨᠡᠴᠢᠯᠡᠵᠦ᠂ ︽ᠭᠤᠷᠪᠠᠨ ᠵᠢᠱᠢᠶ᠎ᠡ ᠦᠵᠡᠭᠦᠯᠬᠦ ᠤᠷᠤᠨ ᠪᠦᠰᠡ ᠶᠢ ᠰᠢᠯᠢᠳᠡᠭᠵᠢᠭᠦᠯᠦᠨ ᠰᠠᠭᠤᠷᠢ ᠶᠢ ᠪᠠᠬᠢᠵᠢᠭᠦᠯᠬᠦ᠂ ᠲᠠᠪᠤᠨ ᠴᠠᠷᠠᠭ᠎ᠠ ᠬᠦᠷᠢᠶ᠎ᠡ | ᠶᠢ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠯ ᠢ ᠠᠬᠢᠭᠤᠯᠬᠤ᠂ ᠭᠤᠷᠪᠠᠨ ᠰᠠᠭᠤᠷᠢᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠬᠤ᠂ ᠨᠢᠭᠡ ᠥᠯᠢᠭᠡᠷ ᠢ ᠰᠠᠶᠢᠲᠤᠷ | ᠶᠠᠷᠢᠵᠤ ᠪᠦᠯᠬᠦᠮᠳᠡᠯ ᠢ ᠠᠬᠢᠭᠤᠯᠬᠤ︾ ︽3531︾ ᠠᠵᠢᠯ ᠤᠨ ᠬᠡᠪ ᠵᠠᠭᠪᠤᠷ ᠢ ᠰᠦᠪᠡᠭᠴᠢᠯᠡᠵᠦ᠂ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠡᠳᠬᠢᠯ ᠢᠶᠠᠷ | ᠨᠠᠮ ᠢᠶᠠᠨ ᠳᠠᠭᠠᠬᠤ· ᠦᠨᠳᠦᠰᠦᠳᠡᠨ ᠤ ᠪᠦᠯᠬᠦᠮᠳᠡᠯ ᠢᠶᠠᠷ ᠤᠮᠠᠷᠠᠲᠤ ᠬᠢᠵᠠᠭᠠᠷ ᠢ ᠪᠠᠬᠢᠵᠢᠭᠦᠯᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠲᠥᠷᠥᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ᠃ | | | ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠦᠵᠡᠭᠦᠯᠬᠦ ᠤᠷᠤᠨ ᠪᠦᠰᠡ ᠶᠢ ᠰᠢᠯᠢᠳᠡᠭᠵᠢᠬᠦᠯᠪᠠ᠃ ᠨᠠᠮ ᠤᠨ | ᠪᠠᠶᠢᠭᠤᠯᠤᠯᠲᠠ ᠪᠠᠷ ᠲᠥᠪᠯᠡᠷᠡᠭᠦᠯᠦᠨ ᠬᠥᠲᠥᠯᠥᠨ ᠳᠠᠭᠠᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠤᠭᠰᠠᠨ ᠦᠷ᠎ᠡ ᠪᠦᠲᠦᠭᠡᠯ ᠢ | ᠳᠡᠯᠭᠡᠨ ᠦᠵᠡᠬᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠠᠮᠢ ᠠᠬᠤᠶ ᠶᠢᠨ ᠪᠣᠯᠪᠠᠰᠤᠨ ᠤ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠨᠢᠭᠡ ᠴᠣᠭᠴᠠᠵᠢᠭᠤᠯᠤᠭᠰᠠᠨ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠵᠢᠱᠢᠶᠡᠴᠢ ᠬᠤᠩᠭᠢᠯ ᠢ ᠬᠦᠴᠦᠯᠡᠨ ᠪᠠᠶᠢᠭᠤᠯᠬᠤ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠵᠤᠭᠠᠴᠠᠭᠰᠠᠳ ᠲᠤ ᠨᠠᠮ ᠤᠨ ᠦᠨᠳᠦᠰᠦᠲᠡᠨ ᠤ ᠲᠥᠷᠥ | ᠶᠢᠨ ᠪᠣᠳᠣᠯᠭ᠎ᠠ ᠶᠢᠨ ᠲᠤᠶᠠᠭᠠᠯᠠᠯ ᠢᠶᠠᠷ ᠦᠨᠳᠦᠰᠦᠲᠡᠨ ᠤ ᠰᠢᠶᠠᠩ ᠳᠤ ᠭᠠᠷᠤᠭᠰᠠᠨ ᠯᠤᠳᠤ ᠶᠡᠭᠡ ᠬᠤᠪᠢᠷᠠᠯᠲᠠ ᠶᠢ ᠬᠠᠷᠠᠭᠤᠯᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠠᠬᠢ ᠭᠠᠷᠮᠠᠭᠠᠶ ᠦᠶᠯᠡᠳᠦᠯᠭᠡ᠂ ᠨᠠᠮ ᠤᠨ ᠭᠡᠰᠢᠭᠦᠨ ᠺᠠᠳ᠋ᠷᠴᠤᠳ ᠪᠤᠯᠤᠨ ᠦᠨᠳᠦᠰᠦᠲᠡᠨ ᠨᠦᠭᠦᠳ ᠤᠨ ᠣᠯᠠᠨ | ᠲᠦᠮᠡᠨ ᠤ ᠦᠵᠡᠵᠦ ᠰᠤᠨᠤᠰᠬᠤ ᠲᠤᠷᠠᠳᠠᠢ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ | ᠬᠥᠮᠦᠵᠢᠯ ᠢ ᠬᠢᠵᠦ᠂ ᠳᠡᠳᠡ ᠨᠠᠷ ᠢ ᠤᠬᠠᠮᠰᠠᠷ ᠠᠴᠠ ᠪᠠᠨ ᠬᠦᠯᠢᠶᠡᠨ ᠠᠪᠬᠤ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠳᠠᠪᠤᠨ ᠮᠡᠳᠡᠷᠡᠬᠦᠢ︾ ᠶᠢ | ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠪᠠᠳᠤᠳᠬᠠᠪᠠ᠃ ᠵᠢᠭᠤᠯᠴᠢᠯᠠᠯ ᠢ ᠰᠢᠯᠢᠳᠡᠭᠵᠢᠭᠦᠯᠵᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠵᠢᠱᠢᠶ᠎ᠡ | ᠦᠵᠡᠭᠦᠯᠬᠦ ᠤᠷᠤᠨ ᠪᠦᠰᠡ ᠶᠢ ᠰᠢᠯᠢᠳᠡᠭᠵᠢᠬᠦᠯᠪᠠ᠃ ᠵᠢᠭᠤᠯᠴᠢᠯᠠᠯ + ᠰᠣᠶᠣᠯ ᠵᠡᠷᠭᠡ ᠰᠢᠷᠢᠰ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠣᠶᠢᠵᠢᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠤᠳᠤᠨ ᠰᠠᠶᠢᠬᠠᠨ ᠠᠷᠠᠳ ᠤᠨ ᠰᠠᠭᠤᠴᠠ ᠶᠢᠨ ᠲᠦᠷᠦᠯ ᠲᠡᠮᠳᠡᠭ᠂ ᠭᠡᠷ ᠪᠦᠯᠢ | ᠶᠢᠨ ᠵᠢᠭᠤᠯᠴᠢᠯᠠᠯ ᠤᠨ ᠣᠳᠣᠨ ᠲᠡᠰ ᠤᠨ ᠵᠢᠱᠢᠶ᠎ᠡ ᠦᠵᠡᠭᠦᠯᠬᠦ ᠡᠷᠦᠬᠡ ᠶᠢ ᠦᠷᠭᠦᠯᠵᠢᠯᠡᠨ ᠴᠣᠭᠴᠠᠯᠠᠵᠤ᠂ ᠥᠩᠭᠡᠲᠦ ᠥᠨᠳᠡᠭᠡ᠂ ᠬᠡᠦᠬᠡᠯᠳᠡᠢ᠂ ᠣᠷᠣᠰ ᠮᠢᠶᠠᠨᠪᠤᠤ | ᠦᠢᠯᠡᠳᠬᠦ ᠵᠢᠴᠢ ᠣᠷᠣᠰ ᠦᠨᠳᠦᠰᠦᠲᠡᠨ ᠤ ᠳᠠᠭᠤᠤ ᠪᠥᠵᠢᠭ ᠵᠡᠷᠭᠡ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠬᠡᠭᠰᠢᠯᠡᠬᠦᠯᠪᠠ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ | ᠦᠨᠳᠦᠰᠦᠨ ᠱᠠᠲᠤᠨ ᠤ ᠦᠶᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ ᠶᠢ ᠰᠢᠯᠢᠳᠡᠭᠵᠢᠬᠦᠯᠪᠠ᠃ ᠦᠨᠳᠦᠰᠦᠲᠡᠨ ᠤ ᠬᠦᠴᠦᠨ ᠵᠦᠶᠯ ᠳᠤ ᠬᠤᠯᠪᠣᠭᠳᠠᠭᠰᠠᠨ | ᠵᠥᠷᠢᠴᠡᠯ ᠵᠢᠭᠤᠷᠠᠯᠳᠤᠭᠠᠨ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠠᠵᠢᠯ ᠤᠨ | ᠴᠠᠷᠠᠭ᠎ᠠ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠪᠠ᠃ ᠬᠢᠯᠢ ᠶᠢᠨ ᠰᠠᠭᠤᠭᠠᠯᠢ ᠠᠷᠠᠳ᠂ ᠬᠢᠯᠢ ᠬᠠᠮᠠᠭᠠᠯᠠᠭᠴᠢᠳ | ᠤᠨ ᠠᠮᠢᠳᠤᠷᠠᠯ ᠳᠤ ᠨᠥᠬᠦᠪᠥᠷᠢ ᠥᠭᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠣᠯᠠᠨ ᠲᠦᠮᠡᠨ ᠤ ᠬᠠᠮᠠᠭᠠᠯᠠᠯᠲᠠ ᠶᠢᠨ ᠬᠦᠴᠦᠨ ᠢ ᠪᠠᠬᠢᠵᠢᠭᠦᠯᠦᠨ | ᠪᠤᠵᠠᠭᠠᠶᠢᠷᠠᠭᠤᠯᠪᠠ᠃ ︽ᠬᠢᠯᠢ ᠶᠢᠨ ᠳ᠋ᠢᠬᠢᠲ ᠬᠠᠮᠠᠭᠠᠯᠠᠯᠲᠠ︾᠂ ︽ᠬᠢᠯᠢ ᠶᠢᠨ ᠣᠶᠤᠨᠴᠢ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ ᠬᠥᠮᠦᠨ ᠢᠶᠠᠷ | ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠬᠦᠯᠪᠠ᠃ ᠰᠢᠶᠠᠩ ᠤᠨ ᠡᠷᠦᠬᠡ ᠶᠢᠨ ᠴᠡᠷᠢᠭ᠂ | ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠰᠠᠭᠤᠭ᠎ᠠ ᠭᠠᠵᠠᠷ ᠤᠨ ᠴᠡᠷᠢᠭ ᠠᠩᠭᠢ ᠲᠠᠢ ᠬᠤᠯᠪᠣᠭᠠᠯᠠᠨ ᠬᠢᠯᠢ ᠶᠢ ᠴᠠᠭᠳᠠᠨ ᠪᠠᠶᠢᠴᠠᠭᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠴᠡᠷᠢᠭ ᠠᠷᠠᠳ ᠤᠨ ᠤᠯᠤᠰ ᠬᠡᠷ ᠤᠨ ᠤᠬᠠᠮᠰᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ᠂ ᠤᠯᠤᠰ ᠤᠨ | ᠨᠤᠲᠤᠭ ᠳᠡᠪᠢᠰᠬᠡᠷ ᠤᠨ ᠤᠬᠠᠮᠰᠠᠷ ᠢ ᠳᠡᠬᠡᠭᠰᠢᠯᠡᠬᠦᠯᠪᠠ᠃ | | ᠡᠭᠦᠳᠦᠨ ᠪᠠᠶᠢᠭᠤᠯᠬᠤ ᠠᠵᠢᠯ ᠢ ᠨᠠᠮ ᠤᠨ ᠪᠠᠶᠢᠭᠤᠯᠤᠯᠲᠠ ᠲᠠᠢ ᠭᠦᠨᠵᠡᠭᠡᠶ ᠠᠭᠤᠰᠤᠯᠴᠠᠭᠤᠯᠪᠠ᠃ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ︽ᠬᠢᠯᠢ | ᠶᠢᠨ ᠲᠠᠪᠤᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠥᠷᠭᠡᠳᠬᠡᠵᠦ᠂ ︽ᠬᠤᠪᠢᠰᠬᠠᠯᠲᠤ ᠨᠠᠮ ᠤᠨ ᠪᠠᠶᠢᠭᠤᠯᠤᠯᠲᠠ ᠪᠠᠷ ᠵᠢᠭᠤᠯᠴᠢᠯᠠᠯ ᠤᠨ ᠬᠥᠭᠵᠢᠯᠲᠡ ᠶᠢ ᠬᠥᠲᠥᠯᠥᠨ | ᠳᠠᠭᠠᠭᠤᠯᠬᠤ︾ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠨᠠᠮ ᠤᠨ ᠪᠠᠶᠢᠭᠤᠯᠤᠯᠲᠠ ᠶᠢᠨ ᠰᠢᠨ᠎ᠠ ᠬᠡᠪ ᠵᠠᠭᠪᠤᠷ ᠢ ᠡᠭᠦᠳᠴᠦ᠂ ᠬᠢᠯᠢ ᠬᠢᠵᠠᠭᠠᠷ ᠤᠨ | ᠦᠨᠳᠦᠰᠦᠲᠡᠨ ᠤ ᠪᠦᠯᠬᠦᠮᠳᠡᠯ ᠢ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠲᠠᠢ ᠠᠭᠤᠰᠤᠯᠴᠠᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠡᠷᠡᠰ ᠪᠠᠲᠤ ᠴᠤᠭᠴᠠᠯᠠᠪᠠ᠃ ᠡᠭᠦᠳᠦᠨ ᠪᠠᠶᠢᠭᠤᠯᠬᠤ ᠠᠵᠢᠯ ᠪᠣᠯᠤᠨ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠰᠢᠨ᠎ᠡ | ᠴᠠᠭ ᠦᠶ᠎ᠡ ᠶᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠢᠯᠢ ᠶᠢᠨ ᠠᠷᠠᠳ ᠤᠨ ᠦᠶᠯᠡᠳᠪᠦᠷᠢᠯᠡᠯ ᠠᠮᠢᠳᠤᠷᠠᠯ ᠤᠨ ᠣᠨᠴᠠᠯᠢᠭ ᠲᠠᠢ ᠨᠢᠭᠲᠠ | ᠤᠶᠠᠯᠳᠤᠭᠤᠯᠵᠤ᠂ ᠰᠠᠭᠤᠷᠢ ᠪᠡᠯᠡᠳᠬᠡᠮᠵᠢ ᠶᠢᠨ ᠲᠠᠰ ᠳᠡᠪᠰᠢᠭᠦᠯᠬᠦ ᠪᠠᠷ ᠭᠤᠤᠯᠳᠠᠯᠭ᠎ᠠ ᠪᠣᠯᠭᠠᠵᠤ᠂ ᠡᠩᠬᠡ ᠰᠢᠶᠠᠩ ᠤᠨ ᠣᠲᠣ ᠶᠢᠨ ᠪᠠᠶᠢᠭ᠎ᠠ ᠵᠠᠮ᠂ ᠲᠣᠤᠷ ᠬᠤᠭᠤᠯᠠᠶ᠂ | ᠵᠠᠮ ᠤᠨ ᠳ᠋ᠧᠩ ᠢ ᠥᠭᠡᠷᠡᠴᠢᠯᠡᠨ ᠲᠠᠰ ᠳᠡᠪᠰᠢᠭᠦᠯᠵᠦ᠂ ᠬᠦᠴᠦᠨ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠬᠤ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ | ᠵᠦᠶᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠠᠭᠤᠭᠠᠯᠢ ᠠᠷᠠᠳ ᠪᠠ ᠵᠢᠭᠤᠯᠴᠢᠯᠠᠭᠰᠠᠳ ᠲᠤ | ᠶᠠᠪᠤᠵᠤ ᠰᠠᠭᠤᠬᠤ ᠨᠠᠩ ᠰᠠᠶᠢᠨ ᠨᠥᠬᠦᠴᠡᠯ ᠪᠠ ᠵᠢᠭᠤᠯᠴᠢᠯᠠᠯ ᠤᠨ ᠣᠶᠢᠯᠠᠭᠠᠯᠲᠠ ᠶᠢ ᠬᠠᠩᠭᠠᠪᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠳᠠᠯᠳᠤᠭᠠᠨ ᠤ ᠡᠷᠦᠬᠡ ᠶᠢᠨ ᠰᠠᠭᠤᠭᠠᠯᠢ ᠠᠷᠠᠳ ᠤᠨ ᠠᠮᠢᠳᠤᠷᠠᠯ | ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠤᠷᠮ᠎ᠠ ᠶᠢ 90% ᠢᠯᠡᠭᠦᠦ ᠪᠤᠯᠭᠠᠪᠠ᠃ ᠡᠭᠦᠳᠦᠨ | ᠪᠠᠶᠢᠭᠤᠯᠬᠤ ᠠᠵᠢᠯ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠳᠤ ᠠᠭᠤᠰᠤᠯᠴᠠᠭᠤᠯᠪᠠ᠃ ᠰᠢᠶᠠᠩ ᠤᠨ ︽ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ | ᠦᠶᠯᠡᠴᠢᠯᠡᠭᠡᠨ ᠤ ᠠᠩᠭᠢ︾ ᠶᠢ ᠪᠠᠶᠢᠭᠤᠯᠵᠤ᠂ ᠡᠩᠨᠡᠭᠡ ᠶᠢ ᠬᠥᠲᠥᠯᠥᠨ ᠵᠢᠯᠣᠭᠤᠳᠴᠤ ᠪᠠᠶᠢᠭᠠᠳ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠡᠭᠦᠷᠭᠡᠯᠡᠭᠦᠯᠵᠦ᠂ | ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠬᠤ᠂ ︽ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠠᠮᠳᠤᠷᠠᠯ︾ ᠤᠨ ᠠᠯᠪᠠᠨ ᠵᠢᠷᠤᠮ ᠤᠨ ᠮᠣᠳᠣ | ᠳᠠᠷᠢᠬᠤ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠰᠠᠶᠢᠨ ᠬᠠᠪᠰᠤᠷᠤᠭᠴᠢ ᠪᠤᠯᠭᠠᠪᠠ᠃ ᠡᠭᠦᠳᠦᠨ ᠪᠠᠶᠢᠭᠤᠯᠬᠤ ᠠᠵᠢᠯ ᠢ | ᠣᠯᠠᠨ ᠨᠡᠶᠢᠲᠡ ᠶᠢᠨ ᠦᠶᠯᠡᠴᠢᠯᠡᠭᠡᠨ ᠤ ᠠᠵᠢᠯ ᠳᠤ ᠤᠷᠤᠭᠤᠯᠪᠠ᠃ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡ ᠬᠢᠬᠦ᠂ ᠣᠯᠠᠨ ᠨᠡᠶᠢᠲᠡ ᠶᠢᠨ ᠦᠶᠯᠡᠴᠢᠯᠡᠭᠡᠨ ᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠤᠳᠬᠠᠬᠤ ᠵᠡᠷᠭᠡ | ᠭᠤᠷᠪᠠᠨ ᠲᠠᠯ᠎ᠠ ᠠᠴᠠ ᠭᠠᠷᠳᠠᠵᠤ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ | ᠪᠠᠨ ᠲᠦᠭᠡᠮᠡᠯ ᠬᠠᠷᠠᠭᠠᠯᠵᠠᠭᠠᠲᠦ ᠴᠢᠨᠠᠷ ᠪᠠ ᠲᠥᠪ ᠭᠤᠤᠯᠴᠢ ᠴᠢᠨᠠᠷ ᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠳᠠᠯᠢ ᠲᠡᠭᠰᠢ᠂ | ᠴᠢᠨᠠᠷ ᠰᠠᠶᠢᠲᠠᠶ ᠣᠯᠠᠨ ᠨᠡᠶᠢᠲᠡ ᠶᠢᠨ ᠦᠶᠯᠡᠴᠢᠯᠡᠭᠡ ᠬᠦᠷᠲᠡᠭᠡᠪᠡ᠃ ᠡᠭᠦᠳᠦᠨ ᠪᠠᠶᠢᠭᠤᠯᠬᠤ ᠠᠵᠢᠯ ᠢ ᠰᠣᠶᠣᠯ ᠰᠤᠷᠭᠠᠨ ᠬᠥᠮᠦᠵᠢᠯ ᠤᠨ ᠦᠶᠯᠡᠰ ᠯᠦᠭᠡ ᠬᠠᠷᠢᠯᠴᠠᠨ | ᠤᠶᠠᠯᠳᠤᠭᠤᠯᠪᠠ᠃ ᠨᠡᠶᠢᠭᠡᠮ ᠤᠨ ᠬᠥᠮᠦᠵᠢᠯ ᠪᠠ ᠭᠡᠷ ᠪᠦᠯᠢ ᠶᠢᠨ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠰᠤᠷᠤᠭᠴᠢ᠂ ᠭᠡᠷ ᠤᠨ ᠠᠬᠠᠮᠠᠳ ᠢ ᠵᠣᠬᠢᠶᠠᠨ | ᠪᠠᠶᠢᠭᠤᠯᠵᠤ ︽ᠡᠩᠬᠡ ᠵᠠᠯᠠᠭᠤᠴᠤᠳ ᠪᠠᠭᠠᠴᠤᠳ ᠤᠨ ᠦᠢᠯᠡᠳᠦᠯᠭᠡ ᠬᠥᠮᠦᠵᠢᠯ ᠤᠨ ᠰᠠᠭᠤᠷᠢᠨ ᠭᠠᠵᠠᠷ︾ ᠵᠡᠷᠭᠡ ᠰᠤᠷᠭᠠᠭᠤᠯᠢ ᠶᠢᠨ ᠭᠠᠳᠠᠨᠠᠬᠢ ᠲᠠᠯᠠᠪᠤᠷ ᠲᠤ | ᠣᠴᠢᠭᠤᠯᠤᠨ ᠬᠢᠴᠢᠶᠡᠯ ᠤᠨ ᠭᠠᠳᠠᠨᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠰᠤᠷᠤᠭᠴᠢᠳ ᠤᠨᠰᠡᠳᠬᠢᠯ ᠵᠢᠷᠦᠬᠡᠨᠳᠤ ᠬᠠᠳᠠᠩᠰᠢᠭᠤᠯᠪᠠ᠃ | | ᠬᠢᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠤᠷᠲᠤ ᠬᠤᠩᠭᠢᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠪᠠ᠃ | ᠳᠡᠷᠬᠡᠳᠡᠬᠢ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠵᠢᠱᠢᠶ᠎ᠡ ᠶᠢ ᠨᠡᠶᠢᠭᠡᠮ ᠲᠣᠭᠤᠷᠢᠭ ᠲᠤ ᠤᠷᠤᠭᠤᠯᠵᠤ ᠤᠬᠠᠭᠤᠯᠤᠨ ᠲᠠᠶᠢᠯᠪᠤᠷᠢᠯᠠᠬᠤ᠂ ᠨᠣᠮ ᠤᠩᠰᠢᠯᠭ᠎ᠠ | ᠶᠢᠨ ᠬᠠᠮᠲᠤ ᠪᠠᠷ ᠡᠳ᠋ᠯᠡᠬᠦ ᠬᠤᠷᠠᠯ ᠡᠷᠬᠢᠯᠡᠬᠦ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠬᠤ ᠵᠡᠷᠭᠡ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠷᠦᠬᠡ ᠪᠣᠯᠭᠠᠨ᠂ ᠬᠥᠮᠦᠨ ᠪᠦᠬᠦᠨ ᠳᠤ ᠮᠡᠳᠡᠬᠦᠯᠪᠠ᠃ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ | ᠢᠳᠡᠪᠬᠢᠲᠡᠢ ᠠᠬᠢᠭᠤᠯᠵᠤ᠂ ︽ᠰᠢᠳᠢᠳᠤ ᠡᠩᠬᠡ︾ ᠣᠯᠠᠨ ᠨᠡᠶᠢᠲᠡ ᠶᠢᠨ ᠳ᠋ᠤᠭᠠᠷ ᠢ ᠭᠦᠢᠴᠡᠳ ᠠᠰᠢᠭᠯᠠ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾ ᠵᠡᠷᠭᠡ | ᠲᠤᠰᠬᠠᠢ ᠰᠡᠳᠦᠪᠲᠦ ᠲᠤᠰᠬᠠᠢ ᠪᠤᠯᠤᠩ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠪᠠ᠃ | ᠪᠣᠳᠠᠰ ᠤᠨ ᠪᠤᠰᠤ ᠰᠣᠶᠣᠯ ᠤᠨ ᠦᠵᠡᠭᠦᠯᠭᠡ ᠶᠢᠨ ᠲᠥᠪ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ︽ᠡᠩᠬᠡ ᠤᠯᠠᠮᠵᠢᠯᠠᠯᠲᠤ ᠠᠶᠢᠯ ᠲᠣᠰᠬᠤᠨ︾ ᠢ | ᠲᠥᠪᠯᠡᠷᠡᠭᠦᠯᠦᠨ ᠬᠠᠮᠠᠭᠠᠯᠠᠬᠤ ᠪᠠᠷ ᠠᠵᠠ ᠲᠣᠬᠢᠶᠠᠯ ᠪᠣᠯᠭᠠᠵᠤ᠂ ᠣᠷᠣᠰ ᠦᠨᠳᠦᠰᠦᠲᠡᠨ ᠤ ᠠᠷᠠᠳ ᠤᠨ ᠳᠠᠭᠤᠤ ᠪᠥᠵᠢᠭ᠂ ᠨᠡᠬᠡᠮᠡᠯ ᠤᠨ ᠮᠡᠷᠭᠡᠵᠢᠯ ᠵᠡᠷᠭᠡ ᠪᠣᠳᠠᠰ ᠤᠨ | ᠪᠤᠰᠤ ᠰᠣᠶᠣᠯ ᠤᠨ ᠥᠪ ᠲᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠠᠭᠤᠳᠠᠯᠬᠤ ᠪᠠ ᠳᠡᠯᠭᠡᠨ ᠦᠵᠡᠭᠦᠯᠵᠦ᠂ ︽ᠤᠯᠠᠮᠵᠢᠯᠠᠯᠲᠤ | ᠠᠶᠢᠯ ᠲᠣᠰᠬᠤᠨ ᠢ ᠲᠥᠪᠯᠡᠷᠡᠭᠦᠯᠦᠨ ᠬᠠᠮᠠᠭᠠᠯᠠᠬᠤ + ᠦᠨᠳᠦᠰᠦᠲᠡᠨ ᠤ ᠪᠦᠯᠬᠦᠮᠳᠡᠯ︾ ᠢ ᠠᠭᠤᠰᠤᠯᠴᠠᠭᠤᠯᠤᠭᠰᠠᠨ ᠬᠥᠭᠵᠢᠭᠦᠯᠬᠦ ᠵᠠᠮ ᠢ ᠰᠦᠪᠡᠭᠴᠢᠯᠡᠪᠡ᠃ | ︽ᠠᠮᠲᠠᠲᠤ ᠢᠳᠡᠭᠡᠨ ᠢᠶᠠᠷ ᠬᠥᠳᠡᠯᠭᠡᠭᠦᠷ ᠪᠣᠯᠭᠠᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠲᠠᠲᠤ ᠢᠳᠡᠭᠡᠨ ᠢᠶᠠᠷ ᠵᠢᠭᠤᠯᠴᠢᠯᠠᠯ ᠢ ᠳᠠᠶᠢᠴᠢᠯᠠᠬᠤ᠂ | ᠵᠢᠭᠤᠯᠴᠢᠯᠠᠯ ᠢᠶᠠᠷ ᠠᠮᠲᠠᠲᠤ ᠢᠳᠡᠭᠡᠨ ᠤ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠪᠠ᠃ ᠲᠣᠰᠣᠨ ᠪᠤᠳᠤᠭ ᠤᠨ ᠵᠢᠷᠤᠭ ᠵᠢᠷᠤᠬᠤ | ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ︽ᠡᠩᠬᠡ ᠳᠤᠰᠤᠨ ᠪᠤᠳᠤᠭ ᠤᠨ ᠵᠢᠷᠤᠭ ᠤᠨ ᠵᠢᠵᠢᠭ ᠪᠠᠯᠭᠠᠰᠤ︾ ᠶᠢ ᠬᠦᠴᠦᠯᠡᠨ ᠪᠠᠶᠢᠭᠤᠯᠵᠤ᠂ ᠵᠢᠯ ᠪᠦᠷᠢ ᠳᠤᠮᠳᠠᠳᠤ | ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠹᠠᠨ ᠳ᠋ᠢ ᠠᠨ ᠵᠡᠷᠭᠡ ᠮᠢᠩᠭ᠎ᠠ ᠰᠢᠬᠠᠮ ᠳᠤᠰᠤᠨ ᠪᠤᠳᠤᠭ ᠤᠨ ᠨᠡᠷᠡᠳᠤ ᠬᠥᠮᠦᠰ᠂ ᠤᠷᠠᠨ | ᠵᠢᠷᠤᠭ ᠤᠨ ᠳᠡᠭᠡᠳᠦ ᠰᠤᠷᠭᠠᠭᠤᠯᠢ ᠶᠢᠨ ᠫᠷᠦᠹᠧᠰᠰᠤᠷ ᠪᠣᠯᠤᠨ ᠰᠤᠷᠤᠭᠴᠢᠳ ᠢ ᠤᠷᠢᠵᠤ ᠤᠷᠠᠯᠢᠭ ᠤᠨ ᠰᠣᠯᠢᠯᠴᠠᠭ᠎ᠠ᠂ ᠮᠠᠲ᠋ᠧᠷᠢᠶᠠᠯ ᠴᠤᠭᠯᠠᠭᠤᠯᠬᠤ᠂ ᠬᠠᠭᠤᠯᠤᠨ | ᠵᠢᠷᠤᠬᠤ ᠵᠣᠬᠢᠶᠠᠨ ᠪᠦᠲᠦᠭᠡᠯᠭᠡ ᠶᠢᠨ ᠠᠵᠢᠯᠯᠠᠭ᠎ᠠ ᠦᠷᠨᠢᠭᠦᠯᠬᠦ ᠪᠠᠷ ᠳᠠᠮᠵᠢᠭᠤᠯᠤᠨ ︽ᠡᠩᠬᠡ ᠳᠤᠰᠤᠨ ᠪᠤᠳᠤᠭ ᠤᠨ ᠵᠢᠷᠤᠭ ᠤᠨ ᠵᠢᠵᠢᠭ ᠪᠠᠯᠭᠠᠰᠤ︾ ᠶᠢᠨ ᠨᠡᠷ᠎ᠡ ᠶᠢ | ᠲᠠᠰᠤᠷᠠᠯᠳᠠ ᠦᠬᠡᠢ ᠠᠯᠳᠠᠷᠰᠢᠭᠤᠯᠪᠠ᠃ | ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠡᠴᠦᠰ ᠤᠨ ᠡᠴᠦᠰ ᠲᠤ ᠪᠠᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠢ ᠰᠠᠶᠢᠲᠤᠷ | ᠬᠢᠬᠦ ᠳᠤ ᠪᠤᠢ᠃ ᠳᠠᠷᠤᠢ ᠶᠠᠷᠢᠬᠤ ᠡᠷᠬᠡ ᠶᠢ ᠣᠯᠠᠨ ᠲᠦᠮᠡᠨ ᠳᠤ ᠲᠤᠰᠢᠶᠠᠨ ᠥᠭᠴᠦ᠂ ᠣᠯᠠᠨ ᠲᠦᠮᠡᠨ ᠢᠶᠠᠷ ︽ᠥᠪᠡᠷ ᠤᠨ ᠥᠯᠢᠭᠡᠷ ᠢᠶᠠᠨ ᠶᠠᠷᠢᠬᠤ᠂ ᠥᠪᠡᠷ ᠤᠨ | ᠬᠠᠶᠢᠷ᠎ᠠ ᠰᠡᠳᠬᠢᠯᠭᠡ ᠪᠠᠨ ᠠᠭᠤᠳᠠᠯᠬᠤ︾ ᠠᠵᠢᠯᠯᠠᠭ᠎ᠠ ᠦᠷᠨᠢᠬᠦᠯᠵᠦ᠂ ᠣᠷᠣᠰ ᠦᠨᠳᠦᠰᠦᠲᠡᠨ ᠤ ᠰᠢᠶᠠᠩ ᠤᠨ ᠦᠨᠳᠦᠰᠦᠲᠡᠨ ᠨᠦᠭᠦᠳ ᠲᠠᠢ ᠢᠳᠡᠬᠡᠰᠢᠨ | ᠳᠠᠰᠤᠯᠴᠠᠭᠰᠠᠨ ᠥᠯᠢᠭᠡᠷ ᠢᠶᠠᠨ ᠶᠠᠷᠢᠵᠤ᠂ ᠬᠢᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠲᠠᠭᠤᠨ ᠢ ᠳᠠᠮᠵᠢᠭᠤᠯᠬᠤ ᠶᠠᠪᠤᠳᠠᠯ | ᠪᠣᠯᠤᠨ᠎ᠠ᠃ ᠲᠤᠬᠠᠶ ᠶᠢᠨ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠵᠢᠱᠢᠶᠡᠴᠢ ᠬᠥᠮᠦᠰ ᠢ ᠭᠦᠶᠴᠡᠳ ᠢᠯᠡᠷᠡᠭᠦᠯᠵᠦ᠂ ︽ᠵᠢᠷᠤᠭ | ᠪᠢᠴᠢᠭ + ᠸᠢᠳᠢᠣ᠋︾ ᠶᠢᠨ ᠬᠡᠯᠪᠡᠷᠢ ᠪᠠᠷ ᠬᠢᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠨᠡᠶᠢᠭᠡᠮ ᠳᠠᠶᠠᠭᠠᠷ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠤ ᠬᠠᠮᠲᠤ ᠪᠠᠷ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ ᠪᠥᠬᠦ ᠲᠠᠯ᠎ᠠ ᠪᠠᠷ ᠪᠠᠶᠢᠭᠤᠯᠪᠠ᠃ | | ᠵᠠᠯᠭᠠᠭᠠᠳ᠂ ᠡᠩᠬᠡ ᠣᠷᠣᠰ ᠦᠨᠳᠦᠰᠦᠲᠡᠨ ᠤ ᠰᠢᠶᠠᠩ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ | ᠬᠦ ᠭᠤᠤᠯ ᠰᠢᠵᠢᠮ ᠤᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ | ᠢ ᠪᠥᠬᠦ ᠲᠠᠯ᠎ᠠ ᠪᠠᠷ ᠰᠠᠶᠢᠲᠤᠷ ᠪᠡᠶᠡᠯᠡᠬᠦᠯᠵᠦ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ ᠳᠤ ᠠᠩᠬᠠᠷᠤᠯ ᠢᠶᠠᠨ ᠲᠦᠪᠯᠡᠷᠡᠬᠦᠯᠵᠦ᠂ ᠠᠵᠤ ᠠᠬᠤᠶ ᠶᠢᠨ ᠬᠥᠭᠵᠢᠯᠲᠡ | ᠶᠢ ᠠᠬᠢᠭᠤᠯᠬᠤ᠂ ᠬᠢᠯᠢ ᠬᠢᠵᠠᠭᠠᠷ ᠤᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠡᠭᠦᠷᠭᠡ᠂ ︽ᠰᠠᠬᠢᠨ | ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠡᠳᠬᠢᠯ ᠢᠶᠠᠷ ᠨᠠᠮ ᠢᠶᠠᠨ ᠳᠠᠭᠠᠵᠤ᠂ ᠦᠨᠳᠦᠰᠦᠲᠡᠨ ᠤ ᠪᠦᠯᠬᠦᠮᠳᠡᠯ ᠢᠶᠠᠷ ᠤᠮᠠᠷᠠᠲᠤ ᠬᠢᠵᠠᠭᠠᠷ ᠢᠶᠠᠨ ᠪᠠᠬᠢᠵᠢᠭᠦᠯᠬᠦ︾ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠦᠷᠦᠯ ᠲᠡᠮᠳᠡᠭ ᠢ ᠦᠷᠭᠦᠯᠵᠢᠯᠡᠨ ᠪᠣᠶ ᠪᠤᠯᠭᠠᠵᠤ᠂ ᠦᠨᠳᠦᠰᠦᠲᠡᠨ ᠤ ᠪᠦᠯᠬᠦᠮᠳᠡᠯ ᠤᠨ | ᠦᠯᠢᠭᠡᠷ ᠢ ᠰᠠᠶᠢᠲᠤᠷ ᠶᠠᠷᠢᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ᠂ ᠡᠪ ᠨᠠᠶᠢᠷᠠᠮᠳᠠᠭᠤ᠂ ᠠᠮᠤᠷ ᠲᠣᠭᠲᠠᠭᠤᠨ ᠤ ᠲᠦᠯᠦᠬᠡ ᠨᠡᠩ ᠶᠡᠭᠡ ᠬᠤᠪᠢ ᠨᠡᠮᠡᠷᠢ | ᠦᠵᠡᠬᠦᠯᠬᠦ ᠪᠤᠯᠤᠨ᠎ᠠ᠃ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | | | |