6 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠦᠨᠳᠦᠰᠦᠨ | ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠭ᠎ᠠ ᠵᠢᠴᠢ ︽ᠠᠨᠠᠷ ᠤᠨ ᠬᠡᠯᠬᠢᠶ᠎ᠡ︾ ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠢᠯᠡᠴᠢᠯᠡᠭᠡ | ᠬᠦᠷᠭᠡᠬᠦ ᠠᠵᠢᠯᠯᠠᠭ᠎ᠠ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠤ ᠶᠠᠪᠤᠭᠳᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠤᠨ ᠨᠠᠮ ᠤᠨ ᠡᠭᠦᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ᠂ ᠥᠪᠥᠷ | ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠶᠢᠨ ᠨᠠᠮ ᠤᠨ ᠡᠬᠦᠷ ᠨᠢ ᠤᠯᠠᠭᠠᠨᠬᠠᠳᠠ ᠬᠤᠲᠠ ᠶᠢᠨ | ᠦᠨᠳᠦᠰᠦᠲᠡᠨ ᠤ ᠵᠥᠪᠯᠡᠯ ᠤᠨ ᠨᠠᠮ ᠤᠨ ᠡᠭᠦᠷ᠂ ᠣᠩᠨᠢᠭᠤᠳ ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠡᠭᠦᠷ ᠵᠢᠴᠢ ︽ᠠᠨᠠᠷ ᠤᠨ ᠬᠡᠯᠬᠢᠶ᠎ᠡ︾ | ᠦᠨᠳᠦᠰᠦᠲᠡᠨ ᠤ ᠪᠦᠯᠬᠦᠮᠳᠡᠯ ᠤᠨ ᠲᠣᠣᠷ ᠢ ᠨᠢᠭᠲᠠ ᠰᠦᠯᠵᠢᠵᠦ ᠬᠤᠯᠪᠤᠭᠠᠯᠠᠨ ᠰᠤᠷᠤᠯᠴᠠᠵᠤ ᠬᠠᠮᠳᠤ ᠪᠠᠷ ᠪᠠᠶᠢᠭᠤᠯᠬᠤ ᠨᠠᠮ ᠤᠨ ᠡᠭᠦᠷ ᠤᠳ ᠲᠠᠢ ᠬᠤᠯᠪᠤᠭᠠᠯᠠᠵᠦ | ᠣᠩᠨᠢᠭᠤᠳ ᠬᠤᠰᠢᠭᠤᠨ ᠤ ᠪᠤᠷᠤᠬᠤᠳᠠ ᠪᠠᠯᠭᠠᠰᠤᠨ ᠳᠤ ᠪᠠᠶᠢᠭ᠎ᠠ ᠬᠤᠪᠢᠰᠬᠠᠯ ᠤᠨ ᠰᠤᠳᠤᠷ ᠪᠢᠴᠢᠭ ᠤᠨ ᠦᠵᠡᠰᠬᠦᠯᠡᠩ ᠤᠨ ᠣᠷᠳᠣᠨ ᠳᠤ ᠬᠦᠨᠵᠡᠭᠡᠶᠢᠷᠡᠵᠦ | ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠨᠠᠮ ᠤᠨ ᠬᠡᠰᠢᠬᠦᠨ ᠳᠤ ᠬᠤᠪᠣᠷ ᠨᠠᠨᠳᠢᠨ ᠮᠠᠲ᠋ᠧᠷᠢᠶᠠᠯ ᠠᠴᠠ ᠨᠠᠮ ᠤᠨ | ᠬᠥᠭᠵᠢᠯᠲᠡ ᠶᠢᠨ ᠶᠠᠪᠤᠴᠠ ᠶᠢ ᠣᠶᠢᠯᠠᠭᠠᠭᠤᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠮᠡᠴᠡᠯ ᠤᠨ ᠵᠣᠷᠢᠭ ᠰᠠᠨᠠᠭᠠᠨ ᠤ ᠨᠢᠭᠤᠴᠠ ᠨᠣᠮᠧᠷ ᠢ | ᠲᠠᠶᠢᠯᠪᠤᠷᠢᠯᠠᠭᠰᠠᠨ ᠪᠠᠶᠢᠨ᠎ᠠ᠃ | | ᠣᠩᠨᠢᠭᠤᠳ ᠬᠤᠰᠢᠭᠤᠨ ᠤ ᠬᠤᠪᠢᠰᠬᠠᠯ ᠤᠨ ᠰᠤᠳᠤᠷ ᠪᠢᠴᠢᠭ ᠤᠨ ᠦᠵᠡᠰᠬᠦᠯᠡᠩ ᠤᠨ ᠣᠷᠳᠣᠨ ᠳᠤ ᠶᠡᠭᠡ ᠬᠡᠮᠵᠢᠶᠡᠨ ᠤ ᠭᠡᠷᠡᠯ ᠵᠢᠷᠤᠭ᠂ ᠦᠰᠦᠭ ᠪᠢᠴᠢᠭ᠂ | ᠪᠣᠳᠠᠲᠤ ᠪᠣᠳᠠᠰ ᠢ ᠬᠠᠳᠠᠭᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠬᠥᠭᠵᠢᠨ ᠪᠤᠵᠠᠭᠠᠶᠢᠷᠠᠭᠰᠠᠨ | ᠲᠡᠦᠬᠡᠨ ᠠᠬᠢᠴᠨ ᠶᠢ ᠢᠯᠡᠷᠡᠭᠦᠯᠦᠭᠰᠡᠨ ᠪᠠᠶᠢᠪᠠ᠃ ᠦᠵᠡᠰᠬᠦᠯᠡᠩ ᠤᠨ ᠣᠷᠳᠣᠨ ᠳᠤ ᠬᠠᠳᠠᠭᠠᠯᠠᠭᠳᠠᠵᠤ ᠪᠠᠶᠢᠭ᠎ᠠ ︽ᠵᠠᠭᠤᠨ ᠮᠧᠲᠷ ᠤᠨ ᠣᠷᠳᠣ ᠡᠪᠬᠡᠮᠡᠯ︾ ᠨᠢ ᠨᠠᠩ | ᠴᠤ ᠬᠤᠪᠣᠷ ᠨᠠᠨᠳᠢᠨ ᠲᠡᠦᠬᠡᠨ ᠮᠠᠲ᠋ᠧᠷᠢᠶᠠᠯ ᠢᠶᠠᠷ ︽ᠦᠷᠡᠭᠳᠡᠭᠰᠡᠨ ᠪᠠᠭᠠᠲᠤᠷᠴᠤᠳ ᠤᠨ ᠴᠠᠳᠢᠭ︾ ᠢ ᠳᠡᠯᠭᠡᠨ ᠦᠵᠡᠬᠦᠯᠵᠦ᠂ ᠦᠨᠳᠦᠰᠦᠲᠡᠨ ᠨᠦᠭᠦᠳ ᠤᠨ ᠬᠥᠪᠡᠭᠦᠳ | ᠥᠬᠢᠳ ᠤᠨ ᠵᠠᠯᠠᠭᠤ ᠨᠠᠰᠤ ᠪᠠᠨ ᠵᠣᠷᠢᠭᠤᠯᠤᠭᠰᠠᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠢᠯᠡᠷᠡᠭᠦᠯᠦᠭᠰᠡᠨ ᠪᠠᠶᠢᠨ᠎ᠠ᠃ | ᠠᠵᠢᠯᠯᠠᠭ᠎ᠠ ᠶᠢᠨ ᠳᠤᠮᠳᠠ᠂ ᠪᠦᠬᠦ ᠨᠠᠮ ᠤᠨ ᠭᠡᠰᠢᠭᠦᠨ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ᠂ ᠲᠥᠪ ᠴᠢᠩᠭ᠎ᠠ ᠪᠠᠷ | ᠲᠠᠩᠭᠠᠷᠢᠭᠯᠠᠪᠠ᠃ ᠢᠳᠡ ᠬᠦᠴᠦ ᠲᠠᠢ ᠲᠠᠩᠭᠠᠷᠢᠭ ᠨᠢ ᠨᠠᠮ ᠤᠨ ᠭᠡᠰᠢᠭᠦᠨ ᠺᠠᠳ᠋ᠷ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠦᠷᠭᠦᠯᠵᠢᠯᠡᠨ | ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠭᠦᠢᠴᠡᠳ ᠬᠠᠷᠠᠭᠤᠯᠵᠠᠢ᠃ ᠲᠠᠶᠢᠯᠪᠤᠷᠢᠯᠠᠭᠴᠢ ᠶᠢᠨ ᠨᠠᠷᠢᠨ ᠨᠢᠮᠪᠠᠢ ᠬᠤᠪᠢᠰᠬᠠᠯ ᠤᠨ ᠲᠤᠷᠠᠳᠬᠠᠯ ᠢᠶᠠᠷ | ᠬᠤᠪᠢᠰᠬᠠᠯ ᠤᠨ ᠦᠯᠢᠭᠡᠷ ᠪᠣᠯᠣᠨ ᠪᠠᠭᠠᠲᠤᠷᠯᠢᠭ ᠦᠢᠯᠡ ᠠᠵᠢᠯᠯᠠᠭ᠎ᠠ ᠶᠢ ᠰᠣᠨᠣᠰᠴᠤ᠂ ᠪᠦᠬᠦ ᠨᠠᠮ ᠤᠨ ᠭᠡᠰᠢᠭᠦᠨ ᠤ ᠰᠡᠳᠬᠢᠯ ᠰᠠᠨᠠᠭ᠎ᠠ ᠶᠢ ᠠᠷᠢᠭᠤᠳᠬᠠᠭᠰᠠᠨ | ᠪᠠᠶᠢᠨ᠎ᠠ᠃ ᠠᠯᠢ ᠤᠯᠠᠨ ᠬᠤᠪᠣᠷ ᠨᠠᠨᠳᠢᠨ ᠡᠳ᠋ ᠪᠣᠳᠠᠰ᠂ ᠰᠡᠳᠬᠢᠯ ᠲᠤᠭᠳᠤᠯᠤᠮ᠎ᠠ ᠭᠡᠷᠡᠯ ᠵᠢᠷᠤᠭ ᠤᠳ ᠨᠢ ᠤᠯᠠᠨ ᠤ ᠪᠤᠳᠤᠯ ᠢ ᠲᠡᠷᠨ ᠬᠦ ᠲᠠᠶᠢᠨ ᠤ ᠭᠠᠯ | ᠳᠦᠷᠡᠯᠵᠡᠵᠦ ᠪᠠᠶᠢᠭᠰᠠᠨ ᠴᠠᠭ ᠦᠶ᠎ᠡ ᠶᠢ ᠰᠡᠳᠬᠢᠨ ᠪᠣᠳᠤᠯᠭᠠᠰᠢᠷᠠᠭᠤᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤ ᠤᠷᠤᠰᠬᠠᠨ ᠡᠷᠡᠯᠬᠡᠭᠯᠡᠨ | ᠪᠠᠶᠢᠯᠳᠤᠵᠤ᠂ ᠦᠬᠦᠵᠦ ᠰᠡᠭᠡᠬᠦ ᠪᠠᠨ ᠦᠯᠦ ᠬᠠᠶᠢᠬᠤᠷᠴᠦ᠂ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠴᠢᠯᠦᠭᠡᠯᠡᠯᠲᠡ ᠶᠢᠨ ᠲᠥᠯᠥᠭᠡ᠂ ᠠᠷᠠᠳ ᠲᠦᠮᠡᠨ ᠤ | ᠡᠷᠬᠡ ᠴᠢᠯᠦᠭᠡ ᠪᠣᠯᠣᠨ ᠵᠣᠯ ᠵᠢᠷᠭᠠᠯ ᠤᠨ ᠲᠥᠯᠥᠭᠡ ᠠᠮᠢ ᠪᠡᠶ᠎ᠡ ᠪᠠᠨ ᠴᠦᠯᠡᠵᠦ ᠬᠠᠯᠠᠭᠤᠨ ᠴᠢᠰᠤ ᠪᠠᠨ ᠤᠷᠤᠰᠬᠠᠭᠰᠠᠨ ᠪᠠᠭᠠᠲᠤᠷᠯᠢᠭ ᠰᠦᠰᠦ ᠵᠤᠷᠢᠭ ᠢ ᠭᠦᠨᠵᠡᠭᠡᠢ | ᠮᠡᠳᠡᠷᠡᠭᠦᠯᠪᠡ᠃ | ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ ᠳᠤᠮᠳᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ︽ᠠᠨᠠᠷ ᠤᠨ ᠬᠡᠯᠬᠢᠶ᠎ᠡ︾ ᠦᠨᠳᠦᠰᠦᠲᠡᠨ ᠤ | ᠪᠦᠯᠬᠦᠮᠳᠡᠯ ᠤᠨ ᠲᠣᠣᠷ ᠢ ᠨᠢᠭᠲᠠ ᠰᠦᠯᠵᠢᠵᠦ ᠬᠠᠮᠲᠤᠷᠠᠨ ᠰᠤᠷᠤᠯᠴᠠᠵᠤ ᠬᠠᠮᠲᠤ ᠪᠠᠷ ᠪᠠᠶᠢᠭᠤᠯᠬᠤ ᠨᠠᠮ ᠤᠨ ᠡᠭᠦᠷ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠭ᠎ᠠ ᠵᠢᠴᠢ ︽ᠠᠨᠠᠷ ᠤᠨ ᠬᠡᠯᠬᠢᠶ᠎ᠡ︾ ᠭᠤᠷᠪᠠ ᠶᠢ ᠬᠦᠷᠭᠡᠬᠦ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠶᠤᠨ ᠰᠠᠨᠠᠭᠠᠨ ᠳᠤ ᠨᠢ ᠬᠠᠳᠠᠩᠰᠢᠭᠤᠯᠵᠤ᠂ ᠤᠶᠢᠯᠡ ᠪᠦᠲᠦᠮᠵᠢ ᠭᠠᠷᠭᠠᠵᠤ᠂ ᠪᠣᠳᠠᠲᠠᠢ ᠲᠥᠷᠥᠭᠳᠡᠯ ᠲᠠᠢ ᠪᠦᠳᠦᠮᠵᠢ | ᠲᠠᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠭᠡᠵᠡᠭᠡᠪᠡ᠃ | | | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | | |