2024 ᠣᠨ ᠤ ᠲᠥᠰᠦᠪ ᠤᠨ ᠭᠦᠶᠴᠡᠳᠬᠡᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠬᠠᠮᠲᠤ᠂ 2025 ᠣᠨ ᠤ ᠲᠥᠰᠦᠪ ᠢ ᠲᠦᠰᠦᠪᠯᠡᠬᠦ ᠠᠵᠢᠯ ᠢ | ᠰᠠᠶᠢᠲᠤᠷ ᠬᠢᠵᠦ᠂ ᠲᠥᠰᠦᠪ ᠤᠨ ᠣᠷᠣᠯᠭ᠎ᠠ ᠵᠠᠷᠤᠯᠭ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠬᠢᠷᠠᠭᠤᠯᠬᠤ ᠶᠢᠨ ᠲᠤᠰᠠᠳᠠ᠂ ᠣᠶᠢᠷ᠎ᠠ ᠳᠤ ᠣᠷᠣᠨ | ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠡᠨᠡ ᠲᠤᠬᠠᠢ ᠲᠤᠰᠬᠠᠢ ᠬᠤᠷᠠᠯ ᠢ ᠬᠤᠷᠠᠯᠳᠤᠭᠤᠯᠪᠠ᠃ ᠰᠡᠳᠬᠦᠯ ᠤᠨ ᠬᠤᠷᠢᠶ᠎ᠠ ᠶᠢᠨ | ᠤᠳᠤᠷᠢᠳᠤᠯᠭ᠎ᠠ ᠸᠠᠩ ᠰᠢᠤᠸᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠥᠰᠦᠪ ᠢ | ᠲᠦᠰᠦᠪᠯᠡᠬᠦ ᠭᠠᠷᠳᠠᠨ ᠭᠦᠢᠴᠡᠳᠭᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠠᠯᠪᠠᠨ ᠬᠡᠷ ᠠᠴᠠ 2024 ᠣᠨ ᠤ 1 ᠳ᠋ᠤᠬᠡᠷ ᠰᠠᠷ᠎ᠠ ᠠᠴᠠ 6 ᠳ᠋ᠤᠭᠠᠷ ᠰᠠᠷ᠎ᠠ ᠬᠦᠷᠳᠡᠯᠡᠬᠢ ᠲᠥᠰᠦᠪ ᠢ ᠭᠦᠶᠴᠡᠳᠬᠡᠭᠰᠡᠨ ᠪᠠᠶᠢᠳᠠᠯ ᠢ | ᠵᠠᠷᠯᠠᠨ ᠮᠡᠳᠡᠭᠳᠡᠵᠦ᠂ 2025 ᠣᠨ ᠤ ᠲᠥᠰᠦᠪ ᠢ ᠲᠦᠰᠦᠪᠯᠡᠬᠦ ᠠᠵᠢᠯ ᠢ ᠪᠣᠳᠠᠲᠠᠶ ᠪᠠᠶᠢᠷᠢᠯᠠᠭᠤᠯᠪᠠ᠃ | ᠸᠠᠩ ᠰᠢᠤᠸᠠᠢ ᠳ᠋ᠦᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠰᠦᠪ ᠢ ᠭᠦᠢᠴᠡᠳᠬᠡᠬᠦ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠬᠤ ᠬᠡᠷᠡᠭᠲᠡᠢ᠃ ᠨᠢᠭᠡ ᠳᠤ᠂ ᠵᠤᠷᠢᠯᠳᠠ ᠪᠠᠨ ᠴᠢᠩᠭ᠎ᠠ ᠮᠦᠷᠳᠡᠵᠦ ᠲᠥᠰᠦᠪ ᠢ ᠭᠦᠢᠴᠡᠳᠬᠡᠬᠦ ᠠᠬᠢᠴᠠ ᠶᠢ ᠲᠦᠷᠬᠡᠳᠬᠡᠬᠦ ᠬᠡᠷᠡᠭᠳᠡᠢ᠃ ᠵᠠᠷᠤᠯᠭ᠎ᠠ ᠶᠢ | ᠰᠠᠷ᠎ᠠ ᠪᠠᠷ ᠬᠤᠪᠢᠶᠠᠷᠢᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠵᠠᠷᠤᠯᠭ᠎ᠠ ᠶᠢᠨ ᠠᠬᠢᠴᠠ ᠶᠢ ᠬᠦᠴᠦᠯᠡᠨ ᠲᠦᠷᠭᠡᠳᠬᠡᠵᠦ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠰᠠᠶᠢᠳᠤᠷ ᠪᠠᠳᠠᠷᠠᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠬᠤᠶᠠᠷ ᠲᠤ᠂ ᠣᠨᠢᠨ ᠳᠡᠭᠡᠷ᠎ᠡ ᠨᠢ ᠬᠦᠴᠦᠯᠡᠵᠦ᠂ | ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠡᠯ᠎ᠡ ᠰᠠᠯᠠᠭ᠎ᠠ ᠲᠠᠰᠤᠭ ᠤᠳ ᠨᠡᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠢᠳᠡᠪᠬᠢᠲᠡᠶ ᠨᠡᠪᠲᠡᠷᠡᠯᠴᠡᠨ ᠵᠣᠯᠭᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠡᠷᠢᠵᠦ᠂ ᠴᠠᠭ ᠲᠤᠬᠠᠢ ᠳᠤ ᠨᠢ ᠰᠢᠢᠳᠪᠤᠷᠢᠯᠡᠵᠦ᠂ ᠲᠥᠰᠦᠪ ᠢ | ᠭᠦᠢᠴᠡᠳᠬᠡᠬᠦ ᠠᠬᠢᠴᠠ ᠶᠢ ᠲᠤᠬᠢᠷᠠᠭᠤᠯᠵᠤ᠂ ᠲᠥᠰᠦᠪ ᠢ ᠭᠦᠢᠴᠡᠳᠬᠡᠬᠦ ᠶᠢᠨ ᠴᠠᠭ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠰᠦᠪ ᠢ ᠭᠦᠢᠴᠡᠳᠬᠡᠬᠦ ᠦᠷ᠎ᠡ ᠪᠦᠲᠦᠮᠵᠢ ᠶᠢ ᠳᠡᠬᠡᠭᠰᠢᠯᠡᠬᠦᠯᠬᠦ ᠬᠡᠷᠡᠭᠳᠡᠢ᠃ ᠬᠢᠨᠠᠨ ᠪᠠᠶᠢᠴᠠᠭᠠᠬᠤ ᠳᠦᠷᠢᠮ ᠢ | ᠪᠦᠷᠢᠨᠰᠢᠭᠦᠯᠵᠦ᠂ ᠠᠵᠢᠯ ᠤᠨ ᠶᠠᠪᠤᠴᠠ ᠶᠢ ᠰᠢᠯᠢᠳᠡᠭᠵᠢᠬᠦᠯᠵᠦ᠂ ᠲᠣᠪᠦ᠋ᠮ᠎ᠠ ᠠᠰᠠᠭᠤᠳᠠᠯ ᠢ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ | ᠶᠢᠨ ᠲᠦᠷᠢᠮᠵᠢᠭᠦᠨ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠳᠡᠢ᠃ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠲᠣᠭᠲᠠᠭᠠᠯ | ᠠᠴᠠ ᠵᠥᠷᠢᠴᠡᠭᠰᠡᠨ ᠵᠠᠷᠤᠯᠭ᠎ᠠ ᠶᠢ ᠡᠷᠡᠰ ᠬᠤᠷᠢᠭᠯᠠᠬᠤ ᠬᠡᠷᠡᠭᠳᠡᠢ᠃ ︽ᠤᠷᠢᠳ ᠢᠶᠠᠷ ᠲᠥᠰᠦᠪ ᠬᠢᠵᠦ ᠳᠠᠷᠠᠭ᠎ᠠ ᠨᠢ ᠵᠠᠷᠤᠯᠭ᠎ᠠ ᠭᠠᠷᠭᠠᠬᠤ︾ ᠲᠤᠭᠳᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠦᠰᠦᠪ ᠦᠭᠡᠢ ᠵᠠᠷᠤᠯᠭ᠎ᠠ ᠪᠣᠶᠤ ᠲᠥᠰᠦᠪ ᠠᠴᠠ | ᠬᠡᠲᠦᠷᠡᠭᠦᠯᠦᠨ ᠪᠡᠯᠡ ᠮᠥᠩᠭᠦ ᠵᠠᠷᠤᠴᠠᠭᠤᠯᠬᠤ ᠶᠢ ᠴᠢᠩᠭ᠎ᠠ ᠬᠢᠵᠠᠭᠠᠷᠯᠠᠵᠦ᠂ ᠲᠥᠰᠦᠪ ᠢ ᠭᠦᠢᠴᠡᠳᠬᠡᠬᠦ ᠬᠠᠮᠢᠶᠠᠷᠤᠯᠲᠠ ᠶᠢᠨ ᠠᠵᠢᠯ ᠢ ᠤᠷᠲᠤ ᠬᠤᠭᠤᠴᠠᠭ᠎ᠠ ᠪᠠᠷ | ᠰᠠᠶᠢᠲᠤᠷ ᠬᠢᠬᠦ ᠬᠡᠷᠡᠭᠳᠡᠢ ᠬᠡᠵᠦ ᠢᠯᠡᠷᠬᠡᠶᠢᠯᠡᠪᠠ᠃ | ᠲᠤᠰ ᠤᠳᠠᠭᠠᠨ ᠤ ᠠᠬᠢᠭᠤᠯᠬᠤ ᠬᠤᠷᠠᠯ ᠢᠶᠠᠷ ᠳᠠᠮᠵᠢᠭᠤᠯᠵᠤ᠂ ᠳᠣᠣᠷ᠎ᠠ ᠬᠠᠭᠠᠰ ᠵᠢᠯ ᠤᠨ ᠲᠥᠰᠦᠪ ᠢ ᠭᠦᠢᠴᠡᠳᠬᠡᠬᠦ ᠠᠵᠢᠯ ᠤᠨ ᠬᠠᠷᠠᠯᠲᠠ ᠪᠣᠯᠤᠨ ᠡᠭᠦᠷᠭᠡ | ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠥᠰᠦᠪ ᠢ ᠭᠦᠢᠴᠡᠳᠬᠡᠬᠦ ᠠᠬᠢᠴᠠ ᠶᠢ ᠲᠦᠷᠭᠡᠳᠬᠡᠬᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠳᠠᠯᠪᠢᠪᠠ᠃ |