︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠨᠣᠮ ᠤᠨ ᠳᠥᠷᠪᠡᠳᠦᠭᠡᠷ ᠪᠣᠳᠢ ᠶᠢᠨ ᠮᠣᠩᠭᠤᠯ ᠬᠡᠯᠡᠨ ᠤ ᠬᠡᠪᠯᠡᠯ ᠢ ᠲᠠᠨᠢᠯᠴᠠᠭᠤᠯᠤᠨ ᠤᠬᠠᠭᠤᠯᠬᠤ ᠬᠤᠷᠠᠯ ᠥᠪᠥᠷ ᠮᠣᠩᠭᠤᠯ ᠤᠨ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/5
W020240628510400769306_ORIGIN.jpg        
      2024 ᠣᠨ ᠤ 6 ᠳ᠋ᠤᠭᠠᠷ ᠰᠠᠷ᠎ᠠ ᠶᠢᠨ 28  ᠤ ᠡᠳᠦᠷ᠂ ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠨᠣᠮ ᠤᠨ ᠳᠥᠷᠪᠡᠳᠦᠭᠡᠷ ᠪᠣᠳᠢ ᠶᠢᠨ ᠮᠣᠩᠭᠤᠯ ᠬᠡᠯᠡᠨ ᠤ ᠬᠡᠪᠯᠡᠯ ᠢ ᠲᠠᠨᠢᠯᠴᠠᠭᠤᠯᠤᠨ ᠤᠬᠠᠭᠤᠯᠬᠤ ᠬᠤᠷᠠᠯ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠬᠥᠬᠡᠬᠤᠲᠠ ᠳᠤ ᠶᠠᠪᠤᠭᠳᠠᠪᠠ᠃      ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠨᠣᠮ ᠤᠨ ᠳᠥᠷᠪᠡᠳᠦᠭᠡᠷ ᠪᠣᠳᠢ ᠳᠤ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ 2 ᠳ᠋ᠤᠭᠠᠷ ᠰᠠᠷ᠎ᠠ ᠶᠢᠨ 3 ᠤ ᠡᠳᠦᠷ ᠠᠴᠠ 2022 ᠣᠨ ᠤ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯᠠᠬᠢ ᠬᠤᠭᠤᠴᠠᠭᠠᠨ ᠳᠠᠬᠢ ᠴᠢᠬᠤᠯᠠ ᠶᠠᠷᠢᠶ᠎ᠠ᠂ ᠶᠠᠷᠢᠯᠴᠠᠭ᠎ᠠ᠂ ᠶᠠᠷᠢᠶ᠎ᠠ ᠢᠯᠡᠳᠬᠡᠯ᠂ ᠪᠠᠶᠠᠷ ᠤᠨ ᠦᠭᠡ᠂ ᠵᠢᠭᠠᠪᠤᠷᠢ᠂ ᠪᠠᠶᠠᠷ ᠤᠨ ᠵᠠᠬᠢᠳᠠᠯ ᠵᠡᠷᠭᠡ 109 ᠵᠣᠬᠢᠶᠠᠯ ᠢ ᠣᠷᠣᠭᠤᠯᠤᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ 1 ᠳ᠋ᠦ᠋ᠭᠡᠷ ᠰᠠᠷ᠎ᠠ ᠠᠴᠠ ᠨᠠᠭᠠᠰᠢᠬᠢ 45 ᠬᠡᠷᠡᠯ ᠵᠢᠷᠤᠭ ᠢ ᠣᠷᠣᠭᠤᠯᠵᠠᠢ᠃ ᠪᠦᠬᠦ ᠨᠣᠮ ᠢ 21 ᠲᠤᠰᠬᠠᠢ ᠰᠡᠳᠦᠪ ᠬᠤᠪᠢᠶᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠠᠭᠤᠤ ᠶᠡᠭᠡ ᠦᠢᠯᠡᠳᠦᠯᠭᠡ ᠶᠢ ᠡᠬᠢᠯᠡᠭᠦᠯᠦᠭᠰᠡᠨ ᠢ ᠠᠮᠢᠳᠤᠯᠢᠭ ᠢᠶᠠᠷ ᠲᠡᠮᠳᠡᠭᠯᠡᠵᠦ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠩᠭᠦᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠳᠤ ᠪᠠᠷ ᠪᠠᠶᠢᠭᠤᠯᠬᠤ ᠳᠤ ᠦᠵᠡᠭᠦᠯᠦᠭᠰᠡᠨ ᠮᠠᠨ ᠤ ᠨᠠᠮ ᠤᠨ ᠬᠠᠮᠤᠭ ᠤᠨ ᠰᠢᠨ᠎ᠡ ᠬᠤᠪᠢ ᠨᠡᠮᠡᠷᠢ ᠶᠢ ᠭᠦᠢᠴᠡᠳ ᠢᠯᠡᠷᠡᠭᠦᠯᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠵᠦ᠂ ᠰᠢᠨ᠎ᠡ ᠦᠰᠦᠷᠦᠯᠲᠡ ᠶᠢ ᠪᠡᠶᠡᠯᠡᠭᠦᠯᠦᠭᠰᠡᠨ ᠢ ᠪᠦᠬᠦ ᠲᠠᠯ᠎ᠠ ᠪᠠᠷ ᠰᠢᠰᠲ᠋ᠧᠮ ᠲᠠᠢ ᠳᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃       ᠥᠷᠭᠡᠨ ᠤᠯᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠯᠠᠨ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠤᠭ ᠤᠨ ᠰᠢᠨ᠎ᠡ ᠬᠥᠭᠵᠢᠯᠲᠡ ᠶᠢ ᠭᠦᠨᠵᠡᠭᠡᠢ ᠤᠶᠢᠯᠠᠭᠠᠬᠤ ᠳᠤ ᠬᠠᠪᠰᠤᠷᠤᠯᠭ᠎ᠠ ᠦᠵᠡᠬᠦᠯᠬᠦ ᠶᠢᠨ ᠲᠦᠯᠦᠭᠡ᠂ ᠨᠠᠮ ᠤᠨ ᠲᠥᠪ ᠬᠤᠷᠢᠶ᠎ᠡ ᠶᠢᠨ ᠤᠬᠠᠭᠤᠯᠬᠤ ᠬᠡᠯᠲᠡᠰ᠂ ᠤᠯᠤᠰ ᠤᠨ ᠦᠨᠳᠦᠰᠦᠲᠡᠨ ᠤ ᠵᠦᠪᠯᠡᠯ ᠠᠴᠠ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠪᠣᠯᠣᠨ ᠦᠨᠳᠦᠰᠦᠲᠡᠨ ᠤ ᠬᠡᠪᠯᠡᠯ ᠤᠨ ᠬᠤᠷᠢᠶ᠎ᠠ ᠶᠢ ᠵᠣᠬᠢᠶᠠᠨ ᠪᠠᠶᠢᠭᠤᠯᠵᠤ ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠨᠣᠮ ᠤᠨ ᠳᠥᠷᠪᠡᠳᠦᠭᠡᠷ ᠪᠣᠳᠢ ᠶᠢᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠢ ᠣᠷᠴᠢᠭᠤᠯᠤᠨ ᠬᠡᠪᠯᠡᠭᠦᠯᠵᠡᠢ᠃       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠶᠡᠷᠦᠩᠬᠡᠢ ᠱᠦᠵᠢ ᠰᠢ ᠶᠢᠨ ᠫᠢᠩ ᠤᠨ ᠵᠣᠬᠢᠶᠠᠯ ᠪᠦᠳᠦᠭᠡᠯ ᠢ ᠦᠨᠳᠦᠰᠦᠲᠡᠨ ᠤ ᠭᠠᠵᠠᠷ ᠣᠷᠣᠨ ᠤ ᠤᠩᠰᠢᠭᠴᠢᠳ ᠲᠤ ᠬᠦᠷᠭᠡᠵᠦ᠂ ᠥᠷᠭᠡᠨ ᠣᠯᠠᠨ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷ ᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠴᠢᠩᠭ᠎ᠠ ᠡᠵᠡᠮᠲᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠢ ᠬᠠᠭᠤᠳᠠᠰᠤ ᠶᠢ ᠬᠠᠮᠳᠤ ᠪᠠᠷ ᠪᠢᠴᠢᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃        ᠲᠠᠨᠢᠯᠴᠠᠭᠤᠯᠤᠨ ᠤᠬᠠᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠪᠯᠡᠯ ᠤᠨ ᠬᠤᠷᠢᠶ᠎ᠡ ᠶᠢᠨ ᠤᠳᠤᠷᠢᠳᠤᠯᠭ᠎ᠠ ᠠᠴᠠ ᠣᠷᠴᠢᠭᠤᠯᠤᠨ ᠬᠡᠪᠯᠡᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠤᠩᠰᠢᠭᠴᠢᠳ ᠤᠨ ᠲᠥᠯᠥᠭᠡᠯᠡᠭᠴᠢ ᠠᠴᠠ ᠶᠠᠷᠢᠯᠴᠠᠨ ᠰᠣᠯᠢᠯᠴᠠᠵᠤ᠂ ᠬᠠᠨᠳᠢᠪ ᠬᠦᠷᠳᠡᠭᠰᠡᠨ ᠨᠢᠭᠡᠴᠢ ᠶᠢᠨ ᠲᠥᠯᠥᠭᠡᠯᠡᠭᠴᠢ ᠶᠠᠷᠢᠶ᠎ᠠ ᠲᠠᠯᠪᠢᠭᠰᠠᠨ ᠪᠥᠭᠡᠳ ᠬᠠᠨᠳᠢᠪᠯᠠᠭᠰᠠᠨ ᠨᠣᠮ ᠢ ᠬᠦᠯᠢᠶᠡᠨ ᠠᠪᠤᠪᠠ᠃       ᠲᠠᠨᠢᠯᠴᠠᠭᠤᠯᠤᠨ ᠤᠬᠠᠭᠤᠯᠬᠤ ᠬᠤᠷᠠᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠠᠴᠠ ᠲᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠨᠣᠮ ᠤᠨ ᠰᠠᠩ᠂ ᠬᠥᠬᠡᠬᠤᠲᠠ ᠶᠢᠨ ᠦᠨᠳᠦᠰᠦᠲᠡᠨ ᠤ ᠵᠦᠪᠯᠡᠯ ᠠᠴᠠ ᠬᠠᠮᠵᠢᠯᠴᠠᠨ ᠡᠷᠭᠢᠯᠡᠪᠡ᠃ ᠲᠤᠬᠠᠢ ᠶᠢᠨ ᠭᠠᠵᠠᠷ ᠤᠨ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ᠂ ᠡᠯ᠎ᠡ ᠡᠲᠡᠭᠡᠳ ᠤᠨ ᠲᠤᠰᠬᠠᠢ ᠮᠡᠷᠭᠡᠵᠢᠯᠲᠡᠨ ᠡᠷᠳᠡᠮᠲᠡᠨ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ᠂ ᠦᠨᠳᠦᠰᠦᠨ ᠱᠠᠲᠤᠨ ᠤ ᠤᠯᠠᠨ ᠲᠦᠮᠡᠨ ᠤ ᠲᠥᠯᠥᠭᠡᠯᠡᠭᠴᠢ᠂ ᠬᠠᠨᠳᠢᠪ ᠬᠦᠷᠳᠡᠭᠰᠡᠨ ᠨᠢᠭᠡᠴᠢ ᠶᠢᠨ ᠲᠥᠯᠥᠭᠡᠯᠡᠭᠴᠢ ᠵᠢᠴᠢ ᠰᠣᠨᠢᠨ ᠮᠡᠳᠡᠭᠡ ᠵᠠᠭᠤᠴᠢᠯᠠᠭᠤᠷ ᠤᠨ ᠰᠤᠷᠪᠤᠯᠵᠢᠯᠠᠭᠴᠢ ᠵᠡᠷᠭᠡ 150 ᠭᠠᠷᠤᠢ ᠬᠥᠮᠥᠨ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠦᠨᠳᠦᠰᠦᠲᠡᠨ ᠤ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠷᠠᠰᠢᠶᠠᠨ ᠪᠣᠭᠤᠮᠲᠠ ᠳᠤ ᠬᠦᠷᠴᠦ ᠨᠣᠮ ᠬᠠᠨᠳᠢᠪᠯᠠᠬᠤ ᠠᠵᠢᠯᠯᠠᠭ᠎ᠠ ᠥᠷᠨᠢᠭᠦᠯᠬᠦ  ᠪᠤᠯᠤᠨ᠎ᠠ᠃          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠣᠴᠢᠭᠤᠯᠤᠭᠴᠢ᠄ ᠸᠠᠩ ᠰᠢᠥᠸᠠᠢ ᠳ᠋ᠦᠩ  
ᠢᠷᠡᠯᠲᠡ᠄ ᠰᠤᠷᠭᠠᠨ ᠬᠦᠮᠦᠵᠢᠯ ᠤᠨ ᠭᠠᠵᠠᠷ