ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠠᠷᠭ᠎ᠠ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ︵ᠨᠡᠶᠢᠲᠡ ᠶᠢᠨ ᠳ᠋ᠤᠭᠠᠷ︶ | ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠦ᠂ 6 ᠳ᠋ᠤᠭᠠᠷ ᠰᠠᠷ᠎ᠠ ᠶᠢᠨ 26 ᠤ ᠡᠳᠦᠷ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ | ᠬᠤᠷᠢᠶ᠎ᠠ ᠰᠦᠯᠵᠢᠶᠡᠨ ᠤ ᠦᠨᠡᠯᠡᠭᠴᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠤᠰᠬᠠᠢ | ᠰᠡᠳᠦᠪᠳᠦ ᠬᠤᠷᠠᠯ ᠢ ᠬᠤᠷᠠᠯᠳᠤᠭᠤᠯᠪᠠ᠃ | ᠬᠤᠷᠠᠯ ᠠᠴᠠ᠄ ᠨᠢᠭᠡ ᠳᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠥᠷᠨᠢᠭᠦᠯᠵᠦ᠂ | ᠰᠦᠯᠵᠢᠶᠡᠨ ᠤ ᠦᠨᠡᠯᠡᠭᠴᠢ ᠶᠢᠨ ᠰᠢᠨ᠎ᠡ ᠵᠠᠭᠤᠴᠢᠯᠠᠭᠤᠷ ᠤᠨ ᠬᠡᠷᠡᠭᠯᠡᠭᠡᠨ ᠤ ᠴᠢᠳᠠᠪᠤᠷᠢ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠤᠳᠤᠯᠵᠤ | ᠮᠠᠭᠠᠳᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠵᠥᠪᠯᠡᠯ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ︵ᠨᠡᠶᠢᠲᠡ ᠶᠢᠨ ᠳ᠋ᠤᠭᠠᠷ︶ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠮᠡᠷᠭᠡᠵᠢᠯ ᠤᠨ | ᠠᠮᠤᠷ ᠲᠦᠪᠰᠢᠨ ᠪᠤᠯᠤᠨ ᠠᠭᠤᠯᠭ᠎ᠠ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠳᠤᠷ ᠣᠶᠢᠯᠠᠭᠠᠵᠤ᠂ ᠰᠦᠯᠵᠢᠶᠡᠨ ᠤ ᠦᠭᠡ ᠬᠡᠯᠡᠨ ᠤ ᠢᠯᠡᠳᠬᠡᠯ ᠪᠠ ᠰᠦᠯᠵᠢᠶᠡᠨ ᠤ | ᠤᠬᠠᠭᠤᠯᠭ᠎ᠠ ᠶᠢᠨ ᠠᠵᠢᠯ ᠳᠤ ᠴᠢᠳᠠᠮᠠᠭᠠᠢ ᠪᠠᠶᠢᠵᠤ᠂ ᠡᠷᠡᠭᠦᠯ ᠥᠭᠡᠳᠡᠷᠬᠡᠭ᠂ ᠰᠤᠷᠳᠠᠯ ᠴᠢᠬᠡᠴᠢ ᠰᠦᠯᠵᠢᠶᠡᠨ ᠤ ᠣᠷᠴᠢᠨ ᠲᠣᠭᠤᠷᠢᠨ ᠪᠠ ᠰᠠᠶᠢᠨ ᠰᠠᠶᠢᠬᠠᠨ | ᠰᠦᠯᠵᠢᠶᠡᠨ ᠤ ᠠᠮᠢ ᠠᠬᠤᠢ ᠶᠢ ᠪᠣᠶ ᠪᠤᠯᠭᠠᠬᠤ ᠭᠡᠷᠡᠭᠳᠡᠢ᠃ ᠭᠤᠷᠪᠠ ᠳᠤ᠂ ᠰᠦᠯᠵᠢᠶᠡᠨ ᠤ ᠦᠨᠡᠯᠡᠭᠴᠢ ᠶᠢᠨ ᠨᠠᠶᠢᠷᠠᠭᠤᠯᠤᠨ ᠣᠷᠴᠢᠭᠤᠯᠬᠤ ᠲᠤᠰᠬᠠᠢ ᠮᠡᠷᠭᠡᠵᠢᠯ ᠤᠨ | ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯ ᠰᠡᠳᠦᠪ ᠲᠣᠪᠣᠶᠢᠮ᠎ᠠ᠂ ᠤᠳᠤᠷᠢᠳᠤᠮᠵᠢ ᠵᠥᠪ᠂ ᠰᠢᠨ᠎ᠡ ᠰᠡᠪᠡᠬᠦᠨ ᠭᠦᠨ ᠭᠦᠨᠵᠡᠭᠡᠢ | ᠰᠦᠯᠵᠢᠶᠡᠨ ᠤ ᠠᠭᠤᠯᠭ᠎ᠠ ᠶᠢᠨ ᠡᠬᠢ ᠪᠠᠶᠠᠯᠢᠭ ᠢ ᠨᠠᠩ ᠣᠯᠠᠨ ᠬᠠᠩᠭᠠᠵᠤ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠠᠷᠠᠭ᠎ᠠ ᠬᠦᠷᠢᠶᠡᠨ ᠳᠠᠬᠢ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠭᠡᠷᠡᠭᠳᠡᠢ ᠭᠡᠵᠦ ᠱᠠᠭᠠᠷᠳᠠᠪᠠ᠃ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠴᠢᠭᠤᠯᠤᠭᠴᠢ᠄ ᠸᠠᠩ ᠰᠢᠥᠸᠠᠢ ᠳ᠋ᠦᠩ | | | | | |