ᠰᠡᠳᠬᠦᠯ ᠤᠨ ᠬᠤᠷᠢᠶᠠᠨ ᠤ ᠨᠠᠶᠢᠷᠠᠭᠤᠯᠵᠤ ᠣᠷᠴᠢᠭᠤᠯᠬᠤ ᠲᠤᠬᠠᠶᠢᠯᠠᠭᠰᠠᠨ ᠠᠵᠢᠯ ᠤᠨ ᠣᠨᠴᠠᠯᠢᠭ ᠢ ᠦᠷᠭᠦᠯᠵᠢᠯᠡᠨ ᠰᠢᠯᠢᠳᠡᠭᠵᠢᠭᠦᠯᠵᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠶᠯᠡᠰ ᠢ ᠤᠯᠠᠮᠵᠢᠯᠠᠨ ᠵᠠᠯᠭᠠᠮᠵᠢᠯᠠᠵᠤ ᠬᠦᠭᠵᠢᠭᠦᠯᠦᠰᠦᠬᠡᠢ
ᠨᠡᠶᠢᠲᠡᠯᠡᠭᠰᠡᠨ ᠴᠠᠭ᠄
2024/7/5
      6 ᠳ᠋ᠤᠭᠠᠷ ᠰᠠᠷ᠎ᠠ ᠶᠢᠨ 28 ᠤ ᠡᠳᠦᠷ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠨᠠᠶᠢᠷᠠᠭᠤᠯᠵᠤ ᠣᠷᠴᠢᠭᠤᠯᠬᠤ ᠲᠤᠬᠠᠶᠢᠯᠠᠭᠰᠠᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠵᠢᠴᠢ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ︽ᠬᠤᠶᠠᠷ ᠰᠡᠳᠬᠦᠯ ᠨᠢᠭᠡ ᠰᠦᠯᠵᠢᠶ᠎ᠡ ᠨᠢᠭᠡ ᠲᠠᠪᠴᠠᠩ︾ ᠤᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ  ᠳᠤ ᠳ᠋ᠦᠩᠨᠡᠯᠲᠡ ᠬᠢᠵᠦ᠂ ᠳᠣᠤᠷ᠎ᠠ ᠬᠠᠭᠠᠰ ᠵᠢᠯ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠲᠤᠬᠠᠶ ᠠᠵᠢᠯ ᠤᠨ ᠪᠠᠶᠢᠷᠢᠯᠠᠭᠤᠯᠤᠯᠲᠠ ᠬᠢᠪᠠ᠃       ᠬᠤᠷᠠᠯ ᠠᠴᠠ᠂ ᠨᠢᠭᠡ ᠳᠤ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠶᠢᠨ ᠤᠬᠠᠭᠤᠯᠭ᠎ᠠ ᠶᠢᠨ ᠭᠤᠤᠯ  ᠵᠢᠭᠰᠠᠭᠠᠯ ᠤᠨ ᠭᠠᠵᠠᠷ ᠤᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ ᠥᠷᠭᠡᠨ ᠢᠶᠠᠷ ᠤᠯᠠᠮᠵᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠠᠮᠢᠳᠤᠯᠢᠭ ᠪᠠᠶᠢᠳᠠᠯ ᠢ ᠢᠯᠡᠷᠡᠭᠦᠯᠬᠦ ᠬᠡᠷᠡᠭᠲᠡᠶ︔ ᠬᠤᠶᠠᠷ ᠲᠤ᠂ ︽ᠬᠤᠶᠠᠷ ᠰᠡᠳᠬᠦᠯ ᠨᠢᠭᠡ ᠰᠦᠯᠵᠢᠶ᠎ᠡ ᠨᠢᠭᠡ ᠲᠠᠪᠴᠠᠩ︾ ᠤᠨ ᠦᠶᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠡᠩ ᠪᠦᠲᠦᠮᠵᠢᠲᠡᠢ ᠨᠡᠩ ᠠᠰᠢᠭᠯᠠᠮᠵᠢ ᠲᠠᠢ ᠪᠣᠯᠭᠠᠵᠤ᠂ ᠦᠨᠳᠦᠷ ᠬᠢᠷᠢ ᠲᠥᠪᠰᠢᠨ ᠲᠠᠢ ᠨᠠᠶᠢᠷᠠᠭᠤᠯᠵᠤ ᠣᠷᠴᠢᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠪᠠᠷ ᠳᠠᠮᠵᠢᠭᠤᠯᠵᠤ᠂ ᠨᠡᠶᠢᠭᠡᠮ ᠳᠡᠭᠡᠷᠡᠬᠢ ᠨᠦᠯᠦᠭᠡᠯᠡᠬᠦ ᠬᠦᠴᠦᠨ ᠪᠠ ᠥᠷᠭᠡᠨ ᠣᠯᠠᠨ ᠤᠩᠰᠢᠭᠴᠢᠳ ᠤᠨ ᠤᠩᠰᠢᠯᠭ᠎ᠠ ᠶᠢᠨ ᠰᠠᠭᠤᠭᠳᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠭᠤᠷᠪᠠ ᠳᠤ᠂ ᠬᠠᠮ ᠵᠠᠭᠤᠴᠢᠯᠠᠭᠤᠷ ᠤᠨ ᠰᠢᠨ᠎ᠡ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠭᠤᠤᠯᠯᠠᠭᠴᠢ ᠥᠷᠲᠡᠭ ᠤᠨ ᠳᠠᠮᠵᠢᠭᠤᠯᠭ᠎ᠠ ᠶᠢᠨ ᠰᠢᠨ᠎ᠡ ᠬᠡᠪ ᠵᠠᠭᠪᠤᠷ ᠢ ᠡᠭᠦᠳᠴᠦ᠂ ᠬᠠᠮ ᠵᠠᠭᠤᠴᠢᠯᠠᠭᠤᠷ ᠤᠨ ︽ᠵᠢᠭᠰᠠᠯ︾ ᠤᠨ ᠰᠢᠨ᠎ᠡ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ ᠬᠡᠵᠦ ᠱᠠᠭᠠᠷᠳᠠᠪᠠ᠃       ᠥᠪᠥᠷ ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠶᠢᠨ ᠬᠠᠮᠢᠶ᠎ᠠ ᠪᠥᠬᠦᠶ ᠨᠠᠶᠢᠷᠠᠭᠤᠯᠤᠭᠴᠢ᠂ ᠤᠷᠴᠢᠭᠤᠯᠤᠭᠴᠢ ᠨᠠᠷ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃           ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠣᠴᠢᠭᠤᠯᠤᠭᠴᠢ᠄ ᠸᠠᠩ ᠰᠢᠥᠸᠠᠢ ᠳ᠋ᠦᠩ 
ᠢᠷᠡᠯᠲᠡ᠄ ᠥᠪᠥᠷ ᠮᠣᠩᠭᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ