ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠳᠤ ᠠᠶᠠᠯᠠᠬᠤ ᠭᠤᠤᠯ ᠰᠡᠳᠦᠪᠲᠦ ᠤᠬᠠᠭᠤᠯᠭ᠎ᠠ ᠳᠠᠶᠢᠯᠪᠤᠷᠢᠯᠠᠯᠳᠠ ᠵᠢᠴᠢ ︽ᠠᠨᠠᠷ ᠤᠨ ᠬᠡᠯᠬᠢᠶ᠎ᠠ — ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠶᠯᠡᠴᠢᠯᠡᠭᠡ ᠬᠦᠷᠭᠡᠬᠦ︾ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/8/16
      8 ᠳ᠋ᠤᠭᠠᠷ ᠰᠠᠷ᠎ᠠ ᠶᠢᠨ 7 ᠠᠴᠠ 9 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ︽ᠨᠠᠮ  ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠨᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ  ᠶᠢᠨ ᠦᠨᠳᠦᠰᠦᠨ ᠱᠠᠲᠤᠨ ᠳᠤ ᠠᠶᠠᠯᠠᠬᠤ ᠭᠤᠤᠯ ᠰᠡᠳᠦᠪᠲᠦ ᠤᠬᠠᠭᠤᠯᠭ᠎ᠠ ᠳᠠᠶᠢᠯᠪᠤᠷᠢᠯᠠᠯᠳᠠ ᠵᠢᠴᠢ ︽ᠠᠨᠠᠷ ᠤᠨ ᠬᠡᠯᠬᠢᠶ᠎ᠡ — ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠶᠯᠡᠴᠢᠯᠡᠭᠡ ᠬᠦᠷᠭᠡᠬᠦ︾ ᠠᠵᠢᠯᠯᠠᠭ᠎ᠠ ᠨᠢ ᠬᠥᠯᠥᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ ᠵᠢᠴᠢ ᠮᠠᠨᠵᠤᠤᠷ ᠬᠤᠲᠠ ᠳᠤ ᠶᠠᠪᠤᠭᠳᠠᠪᠠ᠃
1.jpg
      ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ᠂ ᠬᠥᠯᠥᠨ ᠪᠣᠶᠢᠷ ᠬᠤᠲᠠ ᠶᠢᠨ ᠦᠨᠳᠦᠰᠦᠲᠡᠨ ᠤ ᠵᠥᠪᠯᠡᠯ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠵᠢᠷᠤᠭᠲᠤ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠵᠥᠪᠯᠡᠯ᠂ ᠮᠠᠨᠵᠤᠤᠷ ᠬᠤᠲᠠ ᠶᠢᠨ ᠦᠨᠳᠦᠰᠦᠲᠡᠨ ᠤ ᠵᠥᠪᠯᠡᠯ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠬᠠᠮᠵᠢᠨ ᠡᠷᠭᠢᠯᠡᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ ᠤᠨ ᠲᠥᠯᠥᠭᠡᠯᠡᠭᠴᠢ᠂ ᠬᠡᠰᠡᠭ ᠭᠠᠴᠠᠭ᠎ᠠ᠂ ᠲᠣᠰᠬᠤᠨ᠂ ᠨᠡᠶᠢᠭᠡᠮ ᠲᠣᠭᠤᠷᠢᠭ ᠤᠨ ᠠᠵᠢᠯᠳᠠᠨ ᠤ ᠲᠥᠯᠥᠭᠡᠯᠡᠭᠴᠢ᠂ ᠮᠠᠯᠴᠢᠨ ᠲᠠᠷᠢᠶᠠᠴᠢᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠵᠠᠯᠠᠭᠤ ᠦᠢᠯᠡᠰ ᠴᠣᠭᠴᠠᠯᠠᠭᠴᠢ ᠶᠢᠨ ᠲᠥᠯᠥᠭᠡᠯᠡᠭᠴᠢ ᠨᠡᠶᠢᠳᠡ 200 ᠭᠠᠷᠤᠢ ᠬᠥᠮᠦᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠯᠠᠭ᠎ᠠ ᠳᠤ ᠣᠷᠣᠯᠴᠠᠵᠤ᠂ ᠮᠠᠨᠵᠤᠤᠷ ᠬᠤᠳᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ᠂ ᠦᠨᠳᠦᠰᠦᠲᠡᠨ ᠤ ᠵᠥᠪᠯᠡᠯ ᠤᠨ ᠭᠡᠰᠢᠭᠦᠨ ᠨᠢᠭᠡᠴᠢ᠂ ᠬᠡᠰᠡᠭ ᠨᠡᠶᠢᠭᠡᠮ ᠲᠣᠭᠤᠷᠢᠭ ᠤᠨ ᠠᠵᠢᠯᠳᠠᠨ ᠤ ᠲᠥᠯᠥᠭᠡᠯᠡᠭᠴᠢ ᠨᠡᠶᠢᠳᠡ 100 ᠭᠠᠷᠤᠢ ᠬᠥᠮᠦᠨ ᠮᠠᠨᠵᠤᠤᠷ ᠤᠨ ᠠᠵᠢᠯᠯᠠᠭ᠎ᠠ ᠳᠤ ᠣᠷᠣᠯᠴᠠᠪᠠ᠃       8 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠠᠵᠢᠯᠯᠠᠭ᠎ᠠ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠰᠡᠭᠡᠭᠡᠲᠡᠨ ᠠᠭᠤᠳᠠᠮ ᠲᠠᠯᠠᠪᠠᠶ  ᠳᠤ ᠡᠬᠢᠯᠡᠪᠡ᠃ ᠬᠠᠮᠲᠤ ᠳᠤ ᠨᠢ ᠬᠠᠨᠳᠢᠪᠯᠠᠬᠤ ᠶᠣᠰᠣᠯᠠᠯ ᠶᠠᠪᠤᠭᠳᠠᠭᠤᠯᠪᠠ᠃ ᠥᠪᠥᠷ ᠮᠣᠩᠭᠤᠯ ᠤᠨ ᡁᠢ ᠬᠤᠢ ᠰᠢᠩ ᠮᠦ ᠡᠳ᠋ ᠪᠠᠷᠠᠭᠠᠨ ᠤ ᠬᠤᠯᠪᠣᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 8 ᠨᠢᠬᠡᠴᠢ ᠠᠴᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮᠢᠶ᠎ᠠ ᠪᠥᠬᠦᠶ ᠨᠢᠬᠡᠴᠢ ᠳᠤ 104 ᠲᠦᠮᠡᠨ ᠲᠥᠭᠦᠷᠢᠭ  ᠤᠨ ᠥᠷᠲᠡᠭ ᠪᠥᠬᠦᠶ ᠵᠥᠭᠡᠯᠡᠨ ᠬᠠᠲᠠᠭᠤ ᠲᠤᠨᠤᠭ ᠤᠨ ᠦᠶᠯᠡᠳᠬᠦᠨ ᠢ ᠬᠠᠨᠳᠢᠪᠯᠠᠪᠠ᠃ ᠰᠡᠭᠡᠭᠡᠲᠡᠨ ᠠᠭᠤᠳᠠᠮ ᠲᠠᠯᠠᠪᠠᠶ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠠᠰᠢᠨ ᠲᠡᠷᠭᠡ ᠶᠢ ᠤᠷᠢᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠡᠷᠬᠡ ᠪᠠᠷ ᠥᠷᠨᠢᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ ᠣᠯᠠᠨ ᠲᠦᠮᠡᠨ ᠳᠤ ︽ᠠᠨᠠᠷ ᠤᠨ ᠬᠡᠯᠬᠢᠶ᠎ᠡ — ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠶᠯᠡᠴᠢᠯᠡᠭᠡ ᠬᠦᠷᠬᠡᠬᠦ︾ ᠲᠤᠰᠬᠠᠶ ᠲᠣᠭᠯᠠᠯᠲᠠ ᠭᠠᠷᠭᠠᠵᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠬᠦᠷᠲᠡᠪᠡ᠃
2.jpg 
      ᠬᠠᠨᠳᠢᠪᠯᠡᠬᠤ ᠶᠤᠰᠤᠯᠡᠯ
3.jpg
      ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ
4.jpg  
      ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ
6.jpg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ ᠤ ᠣᠶᠤᠨ ᠤ ᠬᠥᠮᠥᠷᠭᠡ ᠶᠢᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ᠂ ᠦᠨᠳᠦᠰᠦᠲᠡᠨ ᠤ ᠵᠢᠷᠤᠭᠲᠤ ᠰᠡᠳᠬᠦᠯ ᠤᠨ ᠬᠤᠷᠢᠶ᠎ᠠ ᠶᠢᠨ ᠨᠠᠶᠢᠷᠠᠭᠤᠯᠬᠤ ᠺᠣᠮᠢᠰ ᠤᠨ ᠭᠡᠰᠢᠭᠦᠨ᠂ ᠮᠣᠩᠭᠤᠯ ᠬᠡᠯᠡᠨ ᠤ ᠬᠡᠯᠲᠡᠰ  ᠤᠨ ᠡᠷᠬᠢᠯᠡᠭᠴᠢ ᠲᠡᠮᠦᠷᠪᠠᠭᠠᠨ᠎ᠠ ᠶᠢ ᠣᠨᠴᠠᠭᠠᠶᠢᠯᠠᠨ ᠤᠷᠢᠵᠤ᠂ ︽ᠬᠠᠮ ᠵᠠᠭᠤᠴᠢᠯᠠᠭᠤᠷ ᠤᠨ ᠬᠠᠷᠠᠭᠠᠰᠤ ᠳᠤ ᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ︾ ᠬᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ 
7.jpg
      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠹᠸᠢ ᠯᠦᠩ ᠢ ᠤᠷᠢᠵᠤ᠂ ︽ᠵᠣᠬᠢᠶᠠᠮᠠᠯ ᠣᠶᠤᠨ ᠤ ᠶᠡᠭᠡ ᠵᠠᠭᠪᠤᠷ ᠤᠨ ᠬᠡᠷᠡᠭᠯᠡᠯᠲᠡ ᠬᠢᠭᠡᠳ ᠪᠣᠳᠣᠯᠬᠢᠯᠠᠯ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ
8.jpg
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠯᠢ ᠵᠢᠶ ᠶᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠤᠯᠤᠰ ᠤᠨ ᠨᠤᠲᠤᠭ ᠳᠡᠪᠢᠰᠬᠡᠷ  ᠤᠨ ᠠᠮᠤᠷ ᠲᠦᠪᠰᠢᠨ ᠢ ᠰᠠᠬᠢᠨ ᠬᠠᠮᠠᠭᠠᠯᠠᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ       ᠠᠵᠢᠯᠯᠠᠭ᠎ᠠ ᠳᠤᠮᠳᠠ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠬᠡᠴᠢ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠲᠣᠰ ᠡᠮᠨᠡᠯᠭᠡ ᠶᠢᠨ  ᠬᠤᠷᠢᠶ᠎ᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠰᠠᠯᠠᠭ᠎ᠠ ᠪᠠ ᠰᠢᠩᠭᠡᠭᠡᠯᠲᠡ ᠶᠢᠨ ᠰᠠᠯᠠᠭ᠎ᠠ ᠶᠢᠨ ᠲᠤᠰᠬᠠᠶ ᠮᠡᠷᠭᠡᠵᠢᠯᠲᠡᠨ ᠡᠤ ᠶᠢᠨ ᠬᠠᠶ ᠪᠤᠯᠤᠨ ᠰᠠᠷᠠᠭᠤᠯ ᠢ ᠲᠣᠮᠢᠯᠠᠵᠤ᠂ ᠰᠡᠭᠡᠭᠡᠲᠡᠨ ᠠᠭᠤᠳᠠᠮ ᠲᠠᠯᠠᠪᠠᠶ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠡᠷᠬᠡ ᠪᠠᠷ ᠥᠷᠨᠢᠭᠦᠯᠵᠦ᠂ ᠲᠤᠰᠬᠠᠶ ᠮᠡᠷᠭᠡᠵᠢᠯᠲᠡᠳ ᠬᠦᠷᠦᠯᠴᠡᠨ ᠢᠷᠡᠭᠰᠡᠨ ᠠᠷᠠᠳ ᠣᠯᠠᠨ ᠤ ᠰᠤᠳᠠᠯ ᠢ ᠪᠠᠷᠢᠵᠤ᠂ ᠡᠮ ᠬᠡᠷᠡᠭᠯᠡᠬᠦ ᠶᠢ ᠵᠢᠭᠠᠨ ᠵᠢᠯᠣᠭᠤᠳᠴᠤ᠂ ᠪᠠᠰᠠ ᠡᠪᠡᠳᠴᠢᠨ ᠡᠮᠭᠡᠭ ᠢ ᠬᠡᠷᠬᠢᠨ ᠵᠥᠪ ᠰᠡᠷᠭᠡᠶᠢᠯᠡᠨ ᠵᠠᠰᠠᠬᠤ ᠲᠤᠬᠠᠶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠬᠢᠵᠦ᠂ ᠣᠯᠠᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠵᠠᠩ ᠳᠠᠳᠬᠠᠯ ᠲᠠᠢ ᠪᠣᠯᠬᠤ ᠶᠢ ᠬᠦᠲᠦᠯᠦᠨ ᠵᠢᠯᠤᠭᠤᠳᠪᠠ᠃
9.jpg
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠢᠷᠡᠭᠰᠡᠨ  ᠡᠤ ᠶᠢᠨ ᠬᠠᠶ᠂ ᠰᠠᠷᠠᠭᠤᠯ ᠬᠤᠶᠠᠷ ᠡᠮᠴᠢ ᠠᠯᠪᠠᠨ ᠵᠢᠷᠤᠮ ᠤᠨ ᠡᠮᠴᠢᠯᠡᠭᠡ ᠬᠢᠵᠦ ᠪᠠᠶᠢᠭ᠎ᠠ ᠨᠢ
10.jpg   
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠦᠷᠨᠢᠬᠦᠯᠪᠠ ︵ᠰᠢᠨ᠎ᠡ ᠪᠠᠷᠭᠤ ᠪᠠᠷᠠᠭᠤᠨ ᠬᠤᠰᠢᠭᠤᠨ ᠳᠤ︶
11.jpg   
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠦᠷᠨᠢᠬᠦᠯᠪᠠ ︵ᠮᠠᠨᠵᠤᠤᠷ ᠬᠤᠲᠠ  ᠳᠤ︶      ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠲᠤ ᠥᠷᠨᠢᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢ ᠳᠡᠯᠭᠡᠨ ᠲᠠᠨᠢᠯᠴᠠᠭᠤᠯᠬᠤ ᠠᠵᠢᠯᠯᠠᠭ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠬᠤᠪᠴᠠᠰᠤ ᠵᠠᠰᠠᠯ᠂ ᠠᠷᠠᠰᠤᠨ ᠰᠡᠶᠢᠯᠦᠮᠡᠯ ᠠᠷᠠᠰᠤᠨ ᠵᠢᠷᠤᠭ᠂ ᠮᠥᠩᠭᠦᠨ ᠳᠠᠷᠬᠠᠨ ᠤ ᠭᠠᠷ ᠤᠷᠠᠯᠠᠯ ᠤᠨ ᠪᠦᠲᠦᠭᠡᠭᠳᠡᠬᠦᠨ᠂ ᠢᠰᠡᠭᠡᠢ ᠤᠷᠠᠯᠠᠯ᠂ ᠤᠯᠠᠮᠵᠢᠯᠠᠯᠲᠤ ᠴᠠᠭᠠᠨ ᠢᠳᠡᠭᠡᠨ᠂ ᠤᠯᠠᠮᠵᠢᠯᠠᠯᠲᠤ ᠢᠳᠡᠭᠡᠨ᠂ ᠬᠡᠬᠦᠦ ᠶᠢᠨ ᠰᠦ ᠶᠢᠨ ᠴᠠᠭᠠᠨ ᠢᠳᠡᠭᠡᠨ᠂ ᠳᠡᠭᠡᠰᠦᠨ ᠤᠷᠠᠯᠠᠯ ᠤᠨ ᠪᠦᠲᠦᠭᠡᠭᠳᠡᠬᠦᠨ᠂ ᠮᠠᠨᠤ ᠴᠢᠯᠠᠭᠤᠨ ᠤ ᠪᠦᠲᠦᠭᠡᠭᠳᠡᠬᠦᠨ ᠵᠡᠷᠭᠡ ᠪᠣᠳᠠᠰ  ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢ ᠳᠡᠯᠬᠡᠨ ᠦᠵᠡᠬᠦᠯᠪᠠ
12.jpg
     ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢ ᠳᠡᠯᠭᠡᠨ ᠳᠠᠨᠢᠯᠴᠠᠭᠤᠯᠵᠤ ᠪᠠᠶᠢᠭ᠎ᠠ ᠨᠢ 
13.jpg 
     ᠦᠨᠳᠦᠰᠦᠲᠡᠨ ᠤ ᠪᠡᠶ᠎ᠡ ᠶᠢᠨ ᠲᠠᠮᠢᠷ ᠤᠨ ᠣᠷᠳᠣᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠪᠣᠬᠢᠷᠲᠤᠯ ᠥᠬᠡᠶ ᠡᠬᠢ ᠪᠠᠶᠠᠯᠢᠭ ᠢ ᠰᠠᠬᠢᠨ ᠬᠠᠮᠠᠭᠠᠯᠠᠬᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ︾ ᠭᠤᠤᠯ ᠰᠡᠳᠦᠪᠲᠦ ᠬᠡᠷᠡᠯ ᠵᠢᠷᠤᠭ ᠤᠷᠠᠨ ᠵᠢᠷᠤᠭ ᠤᠨ ᠦᠵᠡᠰᠬᠦᠯᠡᠩ ᠥᠷᠨᠢᠭᠦᠯᠪᠡ       ᠠᠵᠢᠯᠯᠠᠭ᠎ᠠ ᠳᠤ᠂ ᠬᠤᠯᠪᠣᠭᠳᠠᠯ ᠪᠥᠬᠦᠶ ᠴᠠᠷᠠᠭ᠎ᠠ ᠬᠦᠷᠢᠶᠡᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠵᠡᠰᠬᠦᠯᠡᠩ ᠳᠤ ᠣᠷᠣᠯᠴᠠᠭᠰᠠᠨ ᠬᠡᠷᠡᠯ ᠵᠢᠷᠤᠭ ᠪᠠ ᠤᠷᠠᠨ ᠵᠢᠷᠤᠭ ᠤᠨ ᠪᠦᠲᠦᠭᠡᠯ ᠢ ᠠᠳᠠᠯᠢᠳᠬᠠᠨ ᠰᠢᠯᠭᠠᠷᠠᠭᠤᠯᠵᠤ᠂ ᠨᠢᠭᠡᠳᠦᠭᠡᠷ ᠳᠡᠰ ᠤᠨ ᠱᠠᠩᠨᠠᠯ ᠢ 1᠂ ᠬᠤᠶᠠᠳᠤᠭᠠᠷ ᠳᠡᠰ ᠤᠨ ᠱᠠᠩᠨᠠᠯ ᠢ 2᠂ ᠭᠤᠷᠪᠠᠳᠤᠭᠠᠷ ᠳᠡᠰ ᠤᠨ ᠱᠠᠩᠨᠠᠯ ᠢ 5 ᠰᠢᠯᠭᠠᠷᠠᠭᠤᠯᠪᠠ᠃       ᠲᠤᠰ ᠤᠳᠠᠭ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠡᠶᠡᠴᠢᠯᠡᠨ ᠣᠶᠢᠯᠠᠭᠠᠬᠤ︾ ᠦᠵᠡᠭᠦᠯᠭᠡ ᠲᠠᠢ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠭᠤᠣᠯ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠬᠢᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠬᠢᠬᠦ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠠᠨᠢᠯᠴᠠᠭᠤᠯᠭ᠎ᠠ ᠬᠢᠬᠦ᠂   ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡ ᠬᠢᠬᠦ᠂ ᠬᠠᠶᠢᠷ᠎ᠠ ᠬᠠᠯᠠᠮᠵᠢ ᠬᠦᠷᠭᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠬᠠᠭᠤᠯᠬᠤ᠂ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠭᠠᠷᠭᠠᠬᠤ᠂ ᠭᠤᠤᠯ ᠰᠡᠳᠦᠪᠲᠦ ᠭᠡᠷᠡᠯ ᠵᠢᠷᠤᠭ ᠤᠷᠠᠨ ᠵᠢᠷᠤᠭ ᠤᠨ ᠦᠵᠡᠰᠬᠦᠯᠡᠩ ᠭᠠᠷᠭᠠᠬᠤ᠂ ᠭᠤᠤᠯ ᠰᠡᠳᠦᠪᠲᠦ ᠭᠡᠷᠡᠯ ᠵᠢᠷᠤᠭ ᠤᠷᠠᠨ ᠵᠢᠷᠤᠭ ᠤᠨ ᠪᠦᠲᠦᠭᠡᠯ ᠤᠨ ᠰᠢᠯᠭᠠᠷᠠᠭᠤᠯᠤᠯᠳᠠ ᠬᠢᠬᠦ ᠵᠡᠷᠭᠡ ᠪᠠᠶᠠᠯᠢᠭ ᠠᠵᠢᠯᠯᠠᠭ᠎ᠠ  ᠪᠠᠷ ᠠᠴᠢᠶᠠᠯᠠᠭᠴᠢ ᠪᠤᠯᠭᠠᠵᠤ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠰᠣᠨᠣᠰᠬᠤ ᠳᠤᠷᠠᠲᠠᠶ᠂ ᠣᠶᠢᠯᠠᠭᠠᠵᠤ ᠳᠡᠶᠢᠯᠬᠦ ᠠᠷᠭ᠎ᠠ ᠮᠠᠶ᠋ᠢᠭ ᠢᠶᠠᠷ ᠨᠠᠮ ᠤᠨ ᠭᠡᠰᠢᠭᠦᠨ ᠺᠠᠳ᠋ᠷᠴᠤᠳ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠭ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠡᠷᠡᠰ ᠰᠣᠨᠣᠰᠬᠤ᠂ ᠨᠠᠮ ᠢᠶᠠᠨ ᠭᠤᠶᠢᠪᠠᠰᠢ ᠦᠭᠡᠢ ᠳᠠᠭᠠᠬᠤ ᠶᠢ ᠬᠦᠲᠦᠯᠦᠨ ᠵᠢᠯᠤᠭᠤᠳᠴᠤ ᠪᠤᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ ᠠᠮᠢᠳᠤᠯᠢᠭ ᠦᠶᠯᠡᠳᠦᠯᠭᠡ ᠪᠤᠯᠵᠡᠢ᠃      ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ      ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ 
ᠢᠷᠡᠯᠲᠡ᠄ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ