8 ᠳ᠋ᠤᠭᠠᠷ ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ︽ᠨᠠᠮ | ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ | ᠶᠢᠨ ᠦᠨᠳᠦᠰᠦᠨ ᠱᠠᠲᠤᠨ ᠳᠤ ᠠᠶᠠᠯᠠᠬᠤ ᠭᠤᠤᠯ ᠰᠡᠳᠦᠪᠲᠦ ᠤᠬᠠᠭᠤᠯᠭ᠎ᠠ ᠳᠠᠶᠢᠯᠪᠤᠷᠢᠯᠠᠯᠳᠠ ᠵᠢᠴᠢ ︽ᠠᠨᠠᠷ ᠤᠨ ᠬᠡᠯᠬᠢᠶ᠎ᠡ — ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠨᠢ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃ | | ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠭᠤᠤᠯᠯᠠᠨ ᠡᠷᠬᠢᠯᠡᠵᠦ᠂ | ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠤᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠬᠡᠨ ᠤ ᠲᠦᠪ᠂ ᠥᠪᠥᠷ | ᠮᠣᠩᠬᠤᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ᠂ ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ ᠠᠴᠠ | ᠳᠠᠭᠠᠭᠠᠴᠢᠯᠠᠨ ᠡᠷᠬᠢᠯᠡᠵᠦ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠣᠷᠴᠢᠭᠤᠯᠤᠨ ᠦᠶᠯᠡᠳᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ | ᠳᠠᠰᠤᠭ᠂ ᠥᠪᠥᠷ ᠮᠣᠩᠭᠤᠯ ᠤᠨ ᠵᠢᠷᠤᠭᠲᠤ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ᠂ | ᠥᠪᠥᠷ ᠮᠣᠩᠭᠤᠯ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠵᠥᠪᠯᠡᠯ᠂ ᠲᠦᠴᠢᠦᠸᠠᠨ | ᠰᠢᠶᠠᠨ ᠤ ᠦᠨᠳᠦᠰᠦᠲᠡᠨ ᠤ ᠵᠥᠪᠯᠡᠯ ᠠᠴᠠ ᠬᠠᠮᠵᠢᠨ ᠡᠷᠬᠢᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠳᠦ ᠶᠢᠨ ᠭᠤᠤᠯ ᠰᠤᠮᠤ᠂ | ᠲᠦᠯᠢᠶᠡᠮᠣᠳᠤ ᠪᠠᠯᠭᠠᠰᠤᠨ ᠤ ᠬᠠᠮᠢᠶ᠎ᠠ ᠪᠥᠬᠦᠶ ᠠᠵᠢᠯᠲᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠰᠡᠭ ᠰᠤᠮᠤ ᠰᠢᠶᠠᠩ ᠪᠠᠯᠭᠠᠰᠤᠨ ᠤ | ᠨᠢᠭᠡᠳᠦᠮᠡᠯ ᠹᠷᠣᠨᠲ ᠤᠨ ᠭᠡᠰᠢᠭᠦᠨ ᠪᠣᠯᠤᠨ ᠮᠠᠯᠴᠢᠨ ᠲᠠᠷᠢᠶᠠᠴᠢᠨ ᠤ ᠲᠥᠯᠥᠭᠡᠯᠡᠭᠴᠢ ᠵᠢᠴᠢ ᠲᠦᠴᠢᠦᠸᠠᠨ ᠰᠢᠶᠠᠨ ᠤ ᠮᠠᠯᠴᠢᠨ ᠲᠠᠷᠢᠶᠠᠴᠢᠨ ᠤ ᠲᠥᠯᠥᠭᠡᠯᠡᠭᠴᠢ | ᠵᠡᠷᠭᠡ ᠨᠡᠶᠢᠲᠡ 120 ᠭᠠᠷᠤᠶ ᠬᠥᠮᠦᠨ ᠣᠷᠣᠯᠴᠠᠵᠠᠶ᠃ | ᠲᠣᠰ ᠤᠳᠠᠭᠠᠨ ᠤ ᠠᠵᠢᠯᠯᠠᠭ᠎ᠠ ᠶᠢᠨ ᠪᠡᠯᠡᠳᠬᠡᠯ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ | ᠠᠴᠠ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠠᠪᠰᠤᠷᠤᠨ ᠲᠡᠳᠬᠦᠬᠦ ᠴᠡᠭ ᠪᠣᠯᠬᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠳᠦ ᠶᠢᠨ ᠭᠤᠤᠯ ᠰᠤᠮᠤ ᠶᠢᠨ ᠪᠠᠶᠠᠨ ᠣᠪᠣᠭ᠎ᠠ ᠭᠠᠴᠠᠭ᠎ᠠ ᠪᠠ ᠲᠦᠯᠢᠶᠡᠮᠣᠳᠤ ᠪᠠᠯᠭᠠᠰᠤᠨ ᠤ ᠶᠤᠸᠠᠨ ᠪᠤᠤ | ᠳᠦᠨ ᠭᠠᠴᠠᠭ᠎ᠠ ᠳᠤ ᠲᠤᠰ ᠲᠤᠰ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠷᠭᠠᠨ ᠬᠥᠮᠦᠵᠢᠯ ᠤᠨ | ᠦᠶᠯᠡᠳᠦᠯᠭᠡ ᠶᠢᠨ ᠠᠶᠢᠯ︾ ᠢ ᠳᠠᠮᠵᠢᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠨᠳᠦᠰᠦᠲᠡᠨ ᠨᠦᠭᠦᠳ ᠤᠨ | ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢ ᠠᠬᠢᠭᠤᠯᠪᠠ᠃ | | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠢᠯᠡᠳᠦᠯᠭᠡ ᠶᠢᠨ ᠠᠶᠢᠯ︾ ᠤᠨ ᠢᠯᠡᠷᠬᠡᠶᠢᠯᠡᠯ ᠰᠡᠬᠦᠬᠦ | ᠶᠣᠰᠣᠯᠠᠯ | | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠠᠶᠢᠯ︾ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ ᠬᠢ ᠡᠯ᠎ᠡ ᠲᠦᠷᠦᠯ ᠤᠨ ᠨᠣᠮ ᠪᠢᠴᠢᠭ᠂ ᠰᠣᠶᠣᠯ | ᠤᠨ ᠡᠭᠦᠳᠦᠯᠲᠡ ᠶᠢᠨ ᠦᠢᠯᠡᠳᠬᠦᠨ᠂ ᠬᠤᠭᠤᠴᠠᠭᠠᠲᠤ ᠰᠡᠳᠬᠦᠯ᠂ ᠤᠶᠤᠨᠲᠤ ᠨᠣᠮ ᠤᠨ ᠰᠠᠩ ᠤᠨ ᠰᠢᠰᠲ᠋ᠧᠮ᠂ ᠤᠶᠤᠨᠲᠤ ᠮᠠᠯ ᠠᠵᠤ ᠠᠬᠤᠢ ᠶᠢᠨ ᠰᠢᠰᠲ᠋ᠧᠮ᠂ | ᠡᠮᠴᠢᠯᠡᠭᠡᠨ ᠳᠤ ᠬᠡᠷᠡᠭᠯᠡᠬᠦ ᠡᠳ᠋ ᠪᠣᠳᠠᠰ᠂ ᠬᠡᠦᠬᠡᠳ ᠤᠨ ᠤᠶᠤᠨ ᠳᠤ ᠠᠰᠢᠭᠲᠠᠢ ᠲᠣᠭᠯᠠᠭᠠᠮ ᠵᠡᠷᠭᠡ 100 ᠭᠠᠷᠤᠢ ᠲᠦᠷᠦᠯ ᠵᠦᠢᠯ ᠤᠨ 70 ᠭᠠᠷᠤᠢ ᠲᠦᠮᠡᠨ | ᠲᠥᠭᠦᠷᠢᠭ ᠤᠨ ᠦᠷᠳᠡᠭ ᠪᠦᠬᠦᠢ ᠵᠥᠭᠡᠯᠡᠨ ᠬᠠᠲᠠᠭᠤ ᠲᠤᠨᠤᠭ ᠤᠨ ᠦᠢᠯᠡᠳᠬᠦᠨ ᠢ ᠲᠦᠬᠦᠷᠡᠳᠡᠯᠠ ᠳᠡᠯᠬᠡᠵᠡᠢ | ᠠᠵᠢᠯᠯᠠᠭ᠎ᠠ ᠳᠤᠮᠳᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠴᠧᠨ ᠶᠢᠩ ᠢ ᠤᠷᠢᠵᠤ ︽ᠠᠭᠤᠤ ᠶᠡᠭᠡ | ᠦᠢᠯᠡᠳᠦᠯᠭᠡ ᠭᠡᠷᠡᠯ ᠰᠠᠴᠤᠷᠠᠩᠭᠤᠢ ᠥᠩᠭᠡᠷᠡᠯᠲᠡ — ︿ᠵᠢᠷᠭᠤᠭᠠᠨ ᠦᠭᠡ﹀ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠶ᠎ᠠ︾ ᠭᠡᠬᠦ | ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠶᠢ | ᠵᠣᠷᠢᠭᠵᠢᠭᠤᠯᠪᠠ᠃ ᠥᠪᠥᠷ ᠮᠣᠩᠭᠤᠯ ᠤᠨ ᠤᠮᠠᠷᠠᠲᠤ ᠬᠢᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ ᠶᠢᠨ ᠳᠠᠷᠤᠭ᠎ᠠ ᠰᠢᠩ ᠳ᠋ᠠᠨ ᠢ | ᠤᠷᠢᠵᠤ ︽ᠭᠡᠨᠡᠳᠲᠡ ᠶᠢᠨ ᠡᠪᠡᠳᠴᠢᠨ ᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ︵ᠵᠢᠷᠦᠬᠡ ᠠᠭᠤᠰᠬᠢ ᠶᠢᠨ ᠰᠡᠷᠭᠦᠭᠡᠯᠲᠡ᠂ ᠬᠠᠶᠢᠮᠯᠢᠺᠧ ᠲᠦᠷᠭᠡᠨ ᠠᠪᠤᠷᠠᠬᠤ | ᠠᠷᠭ᠎ᠠ︶︾ ᠶᠢᠨ ᠪᠣᠳᠠᠲᠤ ᠬᠡᠷᠡᠭᠯᠡᠭᠡᠨ ᠤ ᠤᠷ᠎ᠠ ᠴᠢᠳᠠᠪᠤᠷᠢ ᠶᠢᠨ ᠲᠠᠶᠢᠯᠤᠮᠵᠢ ᠬᠢᠯᠭᠡᠪᠡ᠃ ᠬᠠᠶ ᠰᠢᠨ ᠬᠤᠸᠠ ᠰᠢᠶᠠ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠭᠦᠸᠧ ᠵᠧᠨ ᠸᠧᠶ ᠶᠢ ᠤᠷᠢᠵᠤ ︽ᠡᠳ᠋ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ ᠪᠠᠷ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠢ ᠲᠤᠭᠠᠵᠢᠭᠤᠯᠬᠤ︾ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠥᠪᠥᠷ ᠮᠣᠩᠭᠤᠯ ᠤᠨ ᡁᠢ | ᠬᠤᠢ ᠰᠢᠩ ᠮᠦ ᠡᠳ᠋ ᠪᠠᠷᠠᠭᠠᠨ ᠤ ᠬᠤᠯᠪᠤᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠠᠨ ᠹᠧᠩ ᠢ ᠤᠷᠢᠵᠤ ︽ᠮᠠᠯ ᠠᠵᠤ ᠠᠬᠤᠢ | ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠡᠷᠡᠭᠯᠡᠭᠡ ᠪᠠ ᠦᠢᠯᠡᠳᠦᠯᠭᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶ ᠰᠢᠦ ᠸᠧᠨ ᠫᠷᠤᠹᠧᠰᠰᠤᠷ ᠪᠣᠯᠤᠨ ᠴᠧᠨ ᠵᠧᠨ ᠹᠧᠩ ᠪᠠᠭᠰᠢ ᠶᠢ ᠤᠷᠢᠵᠤ ︽ᠡᠷᠳᠡᠨᠢ ᠰᠢᠰᠢ ᠶᠢᠨ ᠲᠠᠷᠢᠶᠠᠨ ᠤ | ᠬᠠᠮᠢᠶᠠᠷᠤᠯᠲᠠ ᠬᠢᠭᠡᠳ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ︾᠂ ︽ᠲᠤᠭᠤᠯ ᠤᠨ ᠴᠢᠴᠠᠭ᠎ᠠ ᠠᠯᠳᠠᠬᠤ ᠶᠢᠨ ᠬᠠᠮᠢᠶᠠᠷᠤᠯᠲᠠ︾ ᠭᠡᠬᠦ ᠲᠤᠰᠬᠠᠶ | ᠰᠡᠳᠦᠪᠲᠦ ᠲᠠᠶᠢᠯᠤᠮᠵᠢ ᠬᠢᠯᠭᠡᠪᠡ᠃ | | ᠲᠤᠰᠬᠠᠶ ᠰᠡᠳᠦᠪᠲᠦ ᠲᠠᠶᠢᠯᠤᠮᠵᠢ | ᠡᠭᠦᠨ ᠤ ᠬᠠᠮᠲᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠬᠡᠴᠢ — ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠲᠠᠪᠤᠨ ᠵᠠᠰᠠᠯ ᠤᠨ ᠲᠠᠷᠢᠬᠢᠨ ᠡᠪᠡᠳᠴᠢᠨ ᠤ ᠰᠠᠯᠠᠭ᠎ᠠ ᠪᠠ ᠮᠣᠩᠭᠤᠯ | ᠡᠮᠨᠡᠯᠭᠡ ᠶᠢᠨ ᠶᠠᠰᠤ ᠪᠠᠷᠢᠬᠤ ᠰᠠᠯᠠᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠦᠵᠡᠰᠬᠦᠯᠡᠩ᠂ ᠯᠦᠸᠧ ᠠᠴᠢᠶᠠᠯᠠᠯᠳᠤ ᠬᠤᠶᠠᠷ ᠢ | ᠲᠣᠮᠢᠯᠠᠵᠤ᠂ ᠡᠮᠳᠦ ᠶᠢᠨ ᠭᠤᠤᠯ ᠰᠤᠮᠤ ᠶᠢᠨ ᠪᠠᠶᠠᠨ ᠣᠪᠣᠭ᠎ᠠ ᠭᠠᠴᠠᠭ᠎ᠠ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠠᠷᠠᠳ | ᠣᠯᠠᠨ ᠤ ᠰᠤᠳᠠᠯ ᠢ ᠪᠠᠷᠢᠵᠤ ᠡᠪᠡᠳᠴᠢᠨ ᠢ ᠨᠢ ᠦᠵᠡᠬᠦ᠂ ᠡᠮ ᠬᠡᠷᠡᠭᠯᠡᠬᠦ ᠶᠢ ᠵᠢᠭᠠᠨ ᠵᠢᠯᠤᠭᠤᠳᠴᠤ᠂ ᠡᠪᠡᠳᠴᠢᠨ ᠡᠮᠭᠡᠭ ᠢ ᠬᠡᠷᠬᠢᠨ ᠵᠥᠪ ᠰᠡᠷᠭᠡᠶᠢᠯᠡᠨ ᠵᠠᠰᠠᠬᠤ | ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠵᠠᠩ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠤᠭᠤᠳᠴᠠᠢ᠃ | | ᠠᠯᠪᠠᠨ ᠵᠢᠷᠤᠮ ᠤᠨ ᠡᠮᠴᠢᠯᠡᠭᠡᠨ ᠤ ᠦᠶᠯᠡᠴᠢᠯᠡᠭᠡ | ᠰᠤᠷᠤᠯᠭᠠᠲᠠᠳ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠳᠬᠤᠮᠠᠯ ᠤᠨ ᠰᠣᠶᠣᠯ ᠤᠨ ᠮᠦᠽᠧᠶ᠂ ᠳᠠᠶᠢᠴᠢᠨᠲᠠᠯ᠎ᠠ | ᠭᠠᠴᠠᠭᠠᠨ ᠤ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ᠂ ᠺᠢᠨᠣ᠋ ᠦᠶᠯᠡᠳᠬᠦ ᠰᠠᠭᠤᠷᠢᠨ ᠭᠠᠵᠠᠷ ᠢᠶᠠᠷ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠶᠢ ᠥᠷᠨᠢᠭᠦᠯᠪᠡ᠃ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ | | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠥᠢᠯ ᠢ ᠪᠡᠶᠡᠴᠢᠯᠡᠨ ᠣᠶᠢᠯᠠᠭᠠᠵᠤ ᠪᠠᠶᠢᠭ᠎ᠠ ᠨᠢ | ᠡᠭᠦᠨ ᠤ ᠬᠠᠮᠲᠤ᠂ ᠪᠠᠶᠠᠨᠬᠤᠰᠢᠭᠤ ᠪᠠᠯᠭᠠᠰᠤᠨ ᠳᠤ ᠥᠷᠨᠢᠭᠦᠯᠦᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ | ᠣᠶᠢᠯᠠᠭᠠᠬᠤ ᠦᠵᠡᠭᠦᠯᠭᠡ ᠳᠤ ᠲᠦᠰᠢᠶᠡᠲᠦ ᠶᠢᠨ ᠬᠠᠳᠬᠤᠮᠠᠯ᠂ ᠸᠠᠩ ᠪᠦᠬᠡ ᠶᠢᠨ ᠮᠣᠩᠭᠤᠯ ᠡᠮ ᠡᠮᠨᠡᠯᠭᠡ ᠶᠢᠨ ᠤᠬᠢᠶᠠᠯᠭ᠎ᠠ ᠵᠡᠷᠭᠡ ᠪᠣᠳᠠᠰ ᠤᠨ ᠪᠤᠰᠤ ᠰᠣᠶᠣᠯ ᠤᠨ | ᠥᠪ ᠤᠨ ᠲᠥᠷᠥᠯ ᠵᠥᠢᠯ ᠢ ᠪᠡᠶᠡᠴᠢᠯᠡᠨ ᠣᠶᠢᠯᠠᠭᠠᠬᠤ᠂ ᠪᠦ᠋ ᠶᠠᠩ ᠡᠪᠡᠰᠦᠨ ᠭᠦᠷᠦᠮᠡᠯ ᠪᠣᠯᠤᠨ ᠴᠠᠭᠠᠰᠤᠨ ᠬᠠᠶᠢᠴᠢᠯᠠᠮᠠᠯ ᠵᠡᠷᠭᠡ ᠲᠦᠴᠢᠦᠸᠠᠨ ᠰᠢᠶᠠᠨ ᠤ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠥᠢᠯ ᠢ ᠪᠡᠶᠡᠴᠢᠯᠡᠨ ᠣᠶᠢᠯᠠᠭᠠᠬᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠮᠠᠰᠢᠨ ᠤ | ᠦᠵᠡᠭᠦᠯᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠲᠦᠴᠢᠦᠸᠠᠨ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠵᠡᠭᠦᠯᠭᠡ ᠵᠡᠷᠭᠡ ᠡᠯᠪᠡᠭ ᠪᠠᠶᠠᠯᠢᠭ ᠠᠭᠤᠯᠭ᠎ᠠ ᠶᠢ ᠪᠠᠭᠲᠠᠭᠠᠵᠠᠢ᠃ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠲᠦᠴᠢᠦᠸᠠᠨ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠵᠡᠭᠦᠯᠭᠡ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠮᠠᠰᠢᠨ ᠤ ᠦᠵᠡᠭᠦᠯᠭᠡ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | | | |