8 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠰᠤᠷᠭᠠᠨ ᠬᠥᠮᠦᠵᠢᠯ ᠤᠨ ᠭᠠᠵᠠᠷ ᠤᠨ ᠨᠠᠮ ᠤᠨ | ᠡᠭᠦᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠵᠢᠯᠯᠠᠭ᠎ᠠ ᠦᠷᠨᠢᠭᠦᠯᠪᠠ᠃ | ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ︾ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠢᠴᠢ | ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠲᠤᠬᠠᠢ ᠲᠣᠳᠣᠷᠬᠠᠶᠢᠯᠠᠯᠲᠠ ᠵᠡᠷᠭᠡ | ᠠᠭᠤᠯᠭ᠎ᠠ ᠶᠢ ᠰᠤᠷᠤᠯᠴᠠᠬᠤ ᠶᠢᠨ ᠬᠠᠮᠲᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠤᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ | ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠪᠠᠰᠠ ᠴᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠡᠷᠬᠡᠪᠰᠢ ᠡᠭᠦᠷᠭᠡᠯᠡᠬᠦ | ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠬᠦᠴᠦᠯᠡᠨ ᠴᠢᠩᠭᠠᠳᠬᠠᠵᠤ᠂ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠭᠦᠳᠡ ᠬᠤᠷᠠᠯ ᠤᠨ ︽ᠲᠣᠭᠲᠠᠭᠠᠯ︾ ᠤᠨ ᠲᠣᠭᠤᠷᠢᠨ ᠳᠤ ᠲᠡᠷᠡ ᠬᠡᠪ ᠢᠶᠠᠷ ᠨᠢ ᠰᠤᠷᠤᠯᠴᠠᠵᠤ᠂ ᠪᠦᠬᠦ | ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠪᠦᠭᠦᠳᠡ ᠬᠤᠷᠠᠯ ᠤᠨ ᠵᠣᠷᠢᠭ | ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠣᠯᠯᠠᠬᠤ ᠴᠢᠬᠤᠯᠠ ᠠᠭᠤᠯᠭ᠎ᠠ ᠶᠢ ᠴᠢᠷᠮᠠᠶᠢᠨ ᠡᠵᠡᠮᠰᠢᠬᠦ ᠬᠡᠷᠡᠭᠲᠡᠢ᠃ ᠨᠢᠭᠡ ᠳᠤ ᠰᠢᠨ᠎ᠡ ᠴᠠᠭ ᠦᠶ᠎ᠡ ᠠᠴᠠ ᠨᠠᠭᠠᠰᠢᠬᠢ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠶᠢ ᠭᠦᠨᠵᠡᠭᠡᠢ ᠣᠶᠢᠯᠠᠭᠠᠵᠤ᠂ | ︽ᠬᠤᠶᠠᠷ ᠢ ᠲᠣᠭᠲᠠᠭᠠᠭᠰᠠᠨ︾ ᠢ ᠶᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠬᠦ ᠬᠡᠷᠡᠭᠲᠡᠢ᠃ ᠭᠤᠷᠪᠠ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠮᠥᠨ ᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ | ᠠᠵᠢᠯ ᠤᠨ ᠭᠤᠣᠯ ᠰᠢᠵᠢᠮ ᠮᠥᠨ︾ ᠭᠡᠬᠦ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠡ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠬᠥᠮᠦᠵᠢᠯ ᠤᠨ ᠠᠵᠢᠯ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠭᠡᠪᠡ᠃ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | | | |