8 ᠳ᠋ᠤᠭᠠᠷ ᠰᠠᠷ᠎ᠠ ᠶᠢᠨ 12 ᠤᠨ ᠦᠳᠡ ᠶᠢᠨ ᠬᠤᠶᠢᠨ᠎ᠠ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ︽ᠥᠪᠥᠷ | ᠮᠣᠩᠭᠤᠯ ᠤᠨ ᠦᠨᠳᠦᠰᠦᠲᠡᠨ ᠤ ᠠᠵᠢᠯ︾ ᠰᠡᠳᠭᠦᠯ ᠤᠨ2024 ᠣᠨ ᠤ ᠳᠥᠷᠪᠡᠳᠦᠭᠡᠷ ᠬᠤᠭᠤᠴᠠᠭᠠᠨ ᠤ ᠡᠬᠡ ᠪᠢᠴᠢᠭ ᠵᠣᠬᠢᠶᠠᠨ ᠪᠠᠶᠢᠭᠤᠯᠬᠤ ᠠᠵᠢᠯ ᠤᠨ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ | ᠶᠦᠨ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠶᠦᠨ ᠪᠢᠩ ︽ᠥᠪᠥᠷ ᠮᠣᠩᠭᠤᠯ ᠤᠨ ᠦᠨᠳᠦᠰᠦᠲᠡᠨ ᠤ ᠠᠵᠢᠯ︾ ᠰᠡᠳᠭᠦᠯ ᠤᠨ 2024 ᠣᠨ ᠤ ᠳᠥᠷᠪᠡᠳᠦᠭᠡᠷ ᠬᠤᠭᠤᠴᠠᠭᠠᠨ ᠤ | ᠬᠠᠪᠢᠰᠤ᠂ ᠡᠬᠢᠨ ᠤ ᠦᠭᠡ᠂ ᠲᠥᠪᠯᠡᠷᠡᠯ᠂ ᠴᠢᠬᠤᠯᠠ ᠮᠡᠳᠡᠭᠡ ᠵᠡᠷᠭᠡ ᠡᠯ᠎ᠡ ᠪᠤᠯᠤᠩ ᠤᠨ ᠡᠬᠡ ᠪᠢᠴᠢᠭ ᠵᠣᠬᠢᠶᠠᠨ ᠪᠠᠶᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠯ᠎ᠡ ᠪᠤᠯᠤᠩ ᠤᠨ ᠠᠵᠢᠯ ᠤᠨ ᠪᠣᠳᠠᠲᠤ ᠪᠠᠶᠢᠳᠠᠯ ᠪᠠ ᠠᠬᠢᠴᠠ ᠳᠤ ᠴᠢᠭᠯᠡᠭᠦᠯᠵᠦ᠂ ᠨᠢᠭᠡᠳ ᠨᠢᠭᠡ ᠪᠠᠷ ᠲᠣᠳᠣᠷᠬᠠᠶ ᠱᠠᠭᠠᠷᠳᠠᠯᠭ᠎ᠠ | ᠳᠤᠷᠠᠳᠪᠠ᠃ | ᠬᠤᠷᠠᠯ ᠠᠴᠠ 2024 ᠣᠨ ᠤ ᠳᠥᠷᠪᠡᠳᠦᠭᠡᠷ ᠬᠤᠭᠤᠴᠠᠭᠠᠨ ᠤ ᠡᠬᠡ ᠪᠢᠴᠢᠭ ᠵᠣᠬᠢᠶᠠᠨ ᠪᠠᠶᠢᠭᠤᠯᠬᠤ ᠠᠵᠢᠯ ᠳᠤ ᠡᠯ᠎ᠡ ᠪᠤᠯᠤᠩ ᠤᠨ ᠨᠠᠶᠢᠷᠠᠭᠤᠯᠤᠭᠴᠢ ᠶᠢᠨ | ᠶᠡᠭᠡ ᠬᠡᠮᠵᠢᠶᠡᠨ ᠤ ᠠᠵᠢᠯ ᠬᠢᠵᠡᠶ᠂ ᠡᠭᠦᠷᠭᠡ ᠪᠣᠳᠠᠲᠠᠶ᠂ ᠡᠬᠡ ᠪᠢᠴᠢᠭ ᠵᠤᠬᠢᠶᠠᠨ ᠪᠠᠶᠢᠭᠤᠯᠤᠭᠰᠠᠨ ᠨᠢ ᠬᠦᠴᠦᠲᠡᠶ᠂ ᠦᠷ᠎ᠡ ᠪᠦᠲᠦᠮᠵᠢ ᠨᠢ ᠨᠤᠲᠠᠯᠠᠭᠤᠰᠢᠲᠠᠶ ᠶᠤᠮ᠃ | ᠲᠠᠷᠠᠭᠠᠴᠢ ᠶᠢᠨ ᠠᠯᠬᠤᠮ ᠳᠤ ᠡᠬᠡ ᠪᠢᠴᠢᠭ ᠤᠨ ᠶᠠᠰᠤ ᠴᠢᠨᠠᠷ ᠪᠣᠯᠤᠨ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠨᠠᠷᠢᠨ ᠬᠢᠨᠠᠮᠠᠭᠠᠶ | ᠴᠢᠩᠭ᠎ᠠ ᠨᠢᠮᠪᠠᠶ ᠣᠪᠣᠷ ᠢᠶᠠᠷ ᠭᠤᠭᠴᠤᠭ᠎ᠠ ᠨᠢᠭᠡ ᠪᠦᠷᠢ ᠶᠢ ᠬᠠᠷᠢᠯᠴᠠᠨ ᠠᠪᠴᠠᠯᠳᠤᠭᠤᠯᠵᠤ᠂ ᠥᠴᠦᠬᠡᠨ ᠴᠦ ᠣᠰᠣᠯᠳᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ | ᠭᠡᠵᠦ ᠳᠤᠷᠠᠳᠴᠠᠢ᠃ | ᠬᠤᠷᠠᠯ ᠠᠴᠠ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠳᠡᠬᠦ | ᠪᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠳᠤ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠢᠮᠠᠭᠲᠠ ᠲᠤᠭ ᠢ ᠥᠨᠳᠥᠷ ᠮᠠᠨᠳᠤᠭᠤᠯᠵᠤ᠂ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠥᠨᠳᠥᠷ | ᠪᠠᠷᠢᠮᠵᠢᠶ᠎ᠠ ᠪᠠᠷ ᠰᠠᠶᠢᠲᠤᠷ ᠰᠠᠬᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠥᠨᠳᠥᠷ ᠲᠦᠪᠰᠢᠨ ᠢᠶᠠᠷ ᠰᠠᠶᠢᠲᠤᠷ ᠶᠠᠷᠢᠬᠤ ᠬᠡᠷᠡᠭᠲᠡᠢ᠃ | ᠬᠤᠶᠠᠷ ᠲᠤ ᠰᠡᠳᠦᠪ ᠰᠣᠩᠭᠤᠬᠤ ᠬᠠᠷᠠᠭ᠎ᠠ ᠪᠠᠨ ᠥᠷᠭᠡᠳᠭᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ᠂ ᠰᠡᠳᠬᠦᠯ ᠤᠨ ᠬᠤᠷᠢᠶᠠᠨ ᠤ ᠠᠵᠢᠯ ᠤᠨ ᠭᠤᠣᠯᠳᠠᠯᠭ᠎ᠠ᠂ ᠨᠡᠶᠢᠭᠡᠮ ᠤᠨ ᠬᠠᠯᠠᠮᠰᠢᠯ ᠴᠡᠭ ᠪᠣᠯᠤᠨ ᠥᠪᠡᠷᠮᠢᠴᠡ ᠣᠨᠴᠠᠯᠢᠭ ᠲᠠᠢ ᠬᠢᠯᠠᠰ | ᠴᠡᠭ ᠤᠨ ᠲᠣᠭᠤᠷᠢᠨ ᠳᠤ ᠰᠡᠳᠦᠪ ᠰᠣᠩᠭᠤᠬᠤ ᠬᠡᠷᠡᠭᠲᠡᠢ᠃ ᠭᠤᠷᠪᠠ ᠳᠤ ᠡᠬᠡ ᠪᠢᠴᠢᠭ ᠤᠨ ᠶᠠᠰᠤ ᠴᠢᠨᠠᠷ ᠢ ᠴᠢᠩᠳᠠᠯᠠᠬᠤ ᠬᠡᠷᠡᠭᠲᠡᠢ᠃ ᠴᠤᠪᠤᠷᠠᠯ ᠢ ᠵᠢᠷᠤᠮᠵᠢᠭᠤᠯᠬᠤ᠂ | ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠡᠶᠡᠯᠡᠭᠦᠯᠵᠦ᠂ ᠭᠤᠷᠪᠠᠨ ᠱᠠᠲᠤᠨ ᠤ ᠬᠢᠨᠠᠵᠤ ᠬᠠᠷᠭᠤᠭᠤᠯᠬᠤ ᠳᠥᠷᠢᠮ ᠢ ᠴᠢᠩᠭ᠎ᠠ ᠬᠡᠷᠡᠭᠵᠢᠭᠦᠯᠵᠦ᠂ ᠡᠬᠡ ᠪᠢᠴᠢᠭ ᠤᠨ | ᠠᠭᠤᠯᠭ᠎ᠠ ᠶᠢ ᠴᠢᠩᠭ᠎ᠠ ᠬᠢᠨᠠᠵᠤ᠂ ᠥᠰᠥᠭ ᠪᠢᠴᠢᠭ ᠤᠨ ᠤᠩᠰᠢᠵᠤ ᠪᠣᠯᠬᠤᠶᠢᠴᠠ ᠴᠢᠨᠠᠷ ᠢ ᠴᠢᠩᠭᠠᠷᠠᠭᠤᠯᠵᠤ᠂ ᠬᠠᠪᠰᠤᠷᠭᠠᠭᠰᠠᠨ ᠵᠢᠷᠤᠭ ᠤᠨ ᠮᠡᠳᠡᠭᠡ ᠵᠠᠩᠭᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃ | ᠰᠡᠳᠬᠦᠯ ᠤᠨ ᠬᠤᠷᠢᠶᠠᠨ ᠤ ᠳᠠᠷᠤᠭ᠎ᠠ᠂ ᠶᠡᠷᠦᠩᠬᠡᠢ ᠨᠠᠶᠢᠷᠠᠭᠤᠯᠤᠭᠴᠢ ᠸᠠᠩ ᠰᠢᠤᠸᠠᠢ ᠳ᠋ᠦᠩ ᠵᠢᠴᠢ ︽ᠥᠪᠥᠷ ᠮᠣᠩᠭᠤᠯ ᠤᠨ ᠦᠨᠳᠦᠰᠦᠲᠡᠨ ᠤ ᠠᠵᠢᠯ︾ ᠤᠨ | ᠪᠦᠬᠦ ᠨᠠᠶᠢᠷᠠᠭᠤᠯᠤᠭᠴᠢ ᠬᠤᠷᠠᠯ ᠳᠤ ᠣᠷᠣᠯᠴᠠᠪᠠ᠃ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | |