ᠬᠠᠮᠲᠤᠷᠠᠯ ᠤᠨ ᠬᠦᠴᠦᠨ ᠢᠶᠠᠨ ᠨᠢᠬᠳᠠᠷᠠᠭᠤᠯᠤᠨ ᠰᠠᠭᠤᠷᠢ ᠪᠠᠨ ᠪᠠᠬᠢᠵᠢᠭᠦᠯᠦᠭᠰᠡᠨ ᠢᠶᠠᠷ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠨᠤᠯ ᠰᠤᠳᠤᠯᠭᠠᠨ ᠤ ᠲᠦᠪᠰᠢᠨ ᠠᠯᠬᠤᠮ ᠠᠯᠬᠤᠮ ᠢᠶᠠᠷ ᠲᠡᠭᠡᠭᠰᠢᠯᠡᠪᠡ
ᠨᠡᠶᠢᠲᠡᠯᠡᠭᠰᠡᠨ ᠴᠠᠭ᠄
2024/8/7
      ᠳᠡᠭᠡᠷ᠎ᠡ ᠬᠠᠭᠠᠰ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠠᠭᠤᠷᠢ ᠣᠨᠣᠯ ᠪᠠ ᠥᠪᠥᠷ ᠮᠣᠩᠭᠤᠯ ᠤᠨ ᠦᠢᠯᠡᠳᠦᠯᠭᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠠᠮᠢᠳᠤᠯᠢᠭ ᠦᠢᠯᠡᠳᠦᠯᠭᠡ ᠶᠢ ᠭᠦᠨᠵᠡᠭᠡᠢ ᠲᠣᠳᠣᠷᠬᠠᠶᠢᠯᠠᠨ ᠦᠬᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠴᠢᠷᠮᠠᠶᠢᠨ ᠠᠬᠢᠭᠤᠯᠪᠠ᠃       ︵ᠨᠢᠭᠡ︶ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠳᠤᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠲᠡᠭᠡᠭᠰᠢᠯᠡᠬᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ ᠤ ᠰᠠᠭᠤᠷᠢᠨ ᠭᠠᠵᠠᠷ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠪᠠᠷ ᠠᠬᠢᠭᠤᠯᠵᠦ᠂ ᠪᠥᠬᠦ ᠣᠷᠣᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠭᠠᠨ ︵ᠬᠦᠮᠦᠵᠢᠯ︶ ᠤ ᠰᠠᠭᠤᠷᠢᠨ ᠭᠠᠵᠠᠷ 11 ᠶᠢ ᠨᠡᠷᠡᠶᠢᠳᠴᠦ᠂ ᠪᠥᠬᠦ ᠣᠷᠣᠨ ᠤ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠪᠠ ᠰᠤᠳᠤᠯᠭᠠᠨ ᠤ ᠪᠠᠶᠢᠭᠤᠯᠤᠮᠵᠢ ᠶᠢ ᠦᠨᠳᠦᠰᠦᠨ ᠳᠤ ᠪᠠᠨ ᠬᠠᠮᠤᠷᠪᠠ᠃ ︽ᠲᠠᠪᠤᠨ ᠶᠡᠭᠡ ᠲᠣᠭᠲᠠᠴᠠ ᠶᠢ ᠪᠦᠷᠢᠨᠰᠢᠬᠦᠯᠵᠦ᠂ ᠦᠷ᠎ᠡ ᠪᠦᠲᠦᠭᠡᠯ ᠤᠨ ᠤᠯᠠᠷᠢᠭᠤᠯᠤᠯᠳᠠ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠭᠤᠷᠢᠨ ᠭᠠᠵᠠᠷ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠤᠭᠳᠠᠭᠠᠵᠤ᠂ ᠪᠥᠬᠦ ᠣᠷᠣᠨ ᠤ ᠰᠤᠳᠤᠯᠭᠠᠨ ᠤ ᠰᠠᠭᠤᠷᠢᠨ ᠭᠠᠵᠠᠷ ᠤᠨ ᠪᠤᠯᠪᠠᠰᠤᠷᠠᠯ ᠤᠨ ᠠᠩᠭᠢ ᠶᠢ ᠡᠷᠭᠢᠯᠡᠵᠦ᠂ ᠡᠯ᠎ᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠲᠣᠭᠲᠠᠭᠠᠬᠤ ᠶᠢ ᠵᠢᠯᠤᠭᠤᠳᠴᠤ᠂ ᠰᠠᠭᠤᠷᠢᠨ ᠭᠠᠵᠠᠷ ᠤᠨ ᠰᠤᠳᠤᠯᠭᠠᠨ ᠤ ᠴᠢᠭᠯᠡᠯ ᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠪᠥᠬᠦ ᠣᠷᠣᠨ ᠤ ᠰᠤᠳᠤᠯᠭᠠᠨ ᠤ ᠰᠠᠭᠤᠷᠢᠨ ᠭᠠᠵᠠᠷ ᠤᠨ ᠬᠤᠯᠪᠣᠭ᠎ᠠ ᠶᠢ ᠵᠣᠬᠢᠶᠠᠨ ᠪᠠᠶᠢᠭᠤᠯᠤᠨ ᠪᠡᠯᠡᠳᠬᠡᠨ ᠪᠠᠶᠢᠭᠤᠯᠵᠤ᠂ ᠬᠤᠯᠪᠤᠭᠳᠠᠯ ᠪᠦᠬᠦᠢ ᠳᠦᠷᠢᠮ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠣᠷᠣᠨ ᠤ ᠰᠤᠳᠤᠯᠭᠠᠨ ᠤ ︵ᠬᠦᠮᠦᠵᠢᠯ︶ ᠰᠠᠭᠤᠷᠢᠨ ᠭᠠᠵᠠᠷ ᠤᠨ ᠴᠢᠬᠤᠯᠠ ᠶᠡᠭᠡ ᠰᠠᠭᠤᠷᠢ ᠣᠨᠣᠯ ᠪᠠ ᠪᠣᠳᠠᠲᠠᠢ ᠠᠰᠠᠭᠤᠳᠠᠯ ᠤᠨ ᠰᠤᠳᠤᠯᠭᠠᠨ ᠢ ᠨᠢᠭᠡᠳᠦᠯᠲᠡᠢ ᠲᠥᠯᠥᠪᠯᠡᠨ ᠵᠢᠯᠤᠭᠤᠳᠪᠠ᠃ ᠳᠡᠭᠡᠷ᠎ᠡ ᠬᠠᠭᠠᠰ ᠵᠢᠯ ᠠᠴᠠ ᠨᠠᠭᠠᠰᠢ᠂ ᠪᠦᠬᠦ ᠣᠷᠣᠨ ᠤ ᠰᠤᠳᠤᠯᠭᠠᠨ ︵ᠬᠦᠮᠦᠵᠢᠯ︶ ᠤ ᠰᠠᠭᠤᠷᠢᠨ ᠭᠠᠵᠠᠷ ᠨᠢ 160 ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠵᠠᠢ᠃ 13 ᠪᠦᠳᠦᠭᠡᠯ ᠬᠡᠪᠯᠡᠭᠦᠯᠵᠦ᠂ 100 ᠭᠠᠷᠤᠢ ᠡᠷᠳᠡᠮ ᠰᠢᠨᠵᠢᠯᠡᠭᠡᠨ ᠤ ᠵᠣᠬᠢᠶᠠᠯ ᠨᠡᠶᠢᠲᠡᠯᠡᠭᠦᠯᠪᠡ᠃ 30 ᠬᠤᠪᠢ ᠪᠠᠶᠢᠴᠠᠭᠠᠨ ᠰᠤᠳᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠵᠦᠪᠯᠡᠯᠭᠡ ᠶᠢᠨ ᠮᠡᠳᠡᠭᠦᠯᠦᠯᠲᠡ ᠨᠢ ᠴᠣᠬᠤᠪᠤᠷᠢᠯᠠᠭᠳᠠᠨ ᠬᠡᠷᠡᠭᠯᠡᠭᠳᠡᠪᠡ᠃      ︵ᠬᠤᠶᠠᠷ︶ ᠦᠨᠳᠦᠰᠦᠲᠡᠨ ᠤ ᠠᠵᠢᠯ ᠤᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠦᠨᠳᠦᠰᠦᠲᠡᠨ ᠤ ᠠᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ︵ᠬᠦᠮᠦᠵᠢᠯ︶ ᠰᠠᠭᠤᠷᠢᠨ ᠭᠠᠵᠠᠷ᠂ ᠠᠶᠢᠮᠠᠭ ᠬᠤᠲᠠ ᠶᠢᠨ ᠦᠨᠳᠦᠰᠦᠳᠡᠨ ᠤ ᠵᠥᠪᠯᠡᠯ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠠᠵᠢᠯ ᠢ ᠥᠷᠨᠢᠭᠦᠯᠵᠦ᠂ ᠲᠠᠨᠢᠯᠴᠠᠭᠤᠯᠬᠤ᠂ ᠠᠩᠬ᠎ᠠ ᠰᠣᠩᠭᠤᠬᠤ᠂ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠪᠠᠷ ᠲᠠᠮᠵᠢᠵᠦ᠂ ᠪᠥᠬᠦ ᠤᠯᠤᠰ ᠪᠠ ᠪᠥᠬᠦ ᠣᠷᠣᠨ ᠤ 46 ᠲᠤᠰᠬᠠᠢ ᠮᠡᠷᠭᠡᠵᠢᠯᠲᠡᠨ ᠢ ᠬᠥᠮᠥᠷᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠰᠤᠳᠤᠯᠭᠠᠨ᠂ ᠭᠤᠣᠯᠳᠠᠯᠭ᠎ᠠ ᠲᠠᠢ ᠲᠤᠰᠬᠠᠢ ᠵᠦᠢᠯ ᠤᠨ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠪᠠ᠃ ︽ᠵᠢᠷᠭᠤᠭᠠᠨ ᠶᠡᠭᠡ ᠪᠦᠲᠦᠭᠡᠨ ᠪᠠᠶᠢᠭᠤᠯᠤᠯᠲᠠ︾ ᠶᠢᠨ ᠭᠤᠣᠯ ᠰᠢᠵᠢᠮ ᠤᠨ ᠱᠠᠭᠠᠷᠳᠠᠯᠭ᠎ᠠ ᠶᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ ᠤ ᠲᠥᠷᠥᠯ ᠵᠦᠢᠯ  30 ᠶᠢ ᠲᠤᠭᠳᠠᠭᠠᠵᠤ᠂ ᠤᠯᠠᠭᠠᠨᠬᠠᠳᠠ᠂ ᠪᠤᠭᠤᠲᠤ ᠵᠡᠷᠭᠡ 6 ᠠᠶᠢᠮᠠᠭ ᠬᠤᠲᠠ ᠶᠢᠨ ᠲᠥᠷᠥᠯ ᠵᠦᠢᠯ ᠪᠠᠶᠢᠭᠤᠯᠬᠤ ᠰᠡᠳᠦᠪ 84 ᠢ ᠲᠤᠭᠳᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠳᠤᠷᠠᠵᠦ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ᠪᠠᠶᠠᠨᠨᠠᠭᠤᠷ᠂ ᠬᠢᠩᠭᠠᠨ ᠠᠶᠢᠮᠠᠭ ᠵᠡᠷᠭᠡ 4 ᠠᠶᠢᠮᠠᠭ ᠬᠤᠲᠠ ᠨᠢ 5 ᠤᠳᠠᠭ᠎ᠠ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ 6 ᠳ᠋ᠤᠭᠠᠷ ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠠᠴᠠ ᠨᠠᠭᠠᠰᠢᠬᠢ ᠣᠨᠣᠯ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠡᠢ᠃         ︵ᠭᠤᠷᠪᠠ︶ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠥᠬᠡ ᠶᠢᠨ ᠮᠠᠲ᠋ᠧᠷᠢᠶᠠᠯ ᠤᠨ ᠨᠠᠶᠢᠷᠠᠭᠤᠯᠤᠨ ᠲᠤᠭᠤᠷᠪᠢᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠬᠢᠪᠡ᠃ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ︾ ᠶᠢᠨ ᠲᠡᠦᠬᠡ ᠶᠢᠨ ᠮᠠᠲ᠋ᠧᠷᠢᠶᠠᠯ · ᠥᠪᠥᠷ ᠮᠣᠩᠭᠤᠯ ᠤᠨ ᠪᠣᠳᠢ ᠶᠢᠨ ᠨᠠᠶᠢᠷᠠᠭᠤᠯᠤᠨ ᠲᠤᠭᠤᠷᠪᠢᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠡᠭᠦᠰᠬᠡᠯ ᠤᠨ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠨᠠᠶᠢᠷᠠᠭᠤᠯᠤᠨ  ᠲᠤᠭᠤᠷᠪᠢᠬᠤ ᠠᠬᠢᠴᠠ ᠶᠢ ᠪᠠᠶᠢᠴᠠᠭᠠᠨ ᠰᠤᠳᠤᠯᠵᠤ᠂ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠪᠡ᠃ ᠣᠳᠣᠬᠠᠨ ᠳᠤ 840 ᠲᠦᠮᠡ ᠭᠠᠷᠤᠢ ᠦᠰᠦᠭ ᠤᠨ ᠡᠮᠬᠢᠳᠬᠡᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠬᠥᠮᠥᠷᠭᠡ ᠳᠤ 770 ᠲᠦᠮᠡ ᠭᠠᠷᠤᠢ ᠦᠰᠦᠭ ᠢ ᠪᠠᠷᠯᠠᠨ ᠣᠷᠣᠭᠤᠯᠵᠤ᠂ 57 ᠲᠦᠮᠡ ᠭᠠᠷᠤᠢ ᠦᠰᠦᠭ ᠲᠠᠢ ᠣᠨᠴᠠ ᠰᠤᠩᠭᠤᠳᠠᠭ ᠲᠡᠦᠬᠡ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠵᠦ᠂ ᠤᠯᠤᠰ ᠤᠨ ᠦᠨᠳᠦᠰᠦᠲᠡᠨ ᠤ ᠵᠦᠪᠯᠡᠯ ᠤᠨ ᠱᠠᠭᠠᠷᠳᠠᠭᠰᠠᠨ ᠱᠠᠲᠤᠴᠢ ᠴᠢᠨᠠᠷᠲᠠᠢ ᠨᠠᠶᠢᠷᠠᠭᠤᠯᠤᠨ  ᠲᠤᠭᠤᠷᠪᠢᠬᠤ ᠡᠭᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ   
ᠢᠷᠡᠯᠲᠡ᠄ ᠣᠨᠣᠯ ᠤᠨ ᠰᠤᠳᠤᠯᠭᠠᠨ ᠤ ᠭᠠᠵᠠᠷ