ᠲᠦᠴᠢᠦᠸᠠᠨ ᠰᠢᠶᠠᠨ ᠬᠡᠮᠡᠬᠦ ᠥᠪᠥᠷ ᠮᠣᠩᠭᠤᠯ ᠤᠨ ᠬᠢᠩᠭᠠᠨ ᠠᠶᠢᠮᠠᠭ ᠤᠨ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠦ ᠪᠠᠶᠢᠭ᠎ᠠ ᠤᠯᠠᠨ ᠡᠰᠢᠲᠦ ᠰᠣᠶᠣᠯ | ᠠᠭᠤᠰᠤᠯᠴᠠᠭᠰᠠᠨ ᠣᠷᠣᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ᠂ ᠬᠤᠲᠣᠩ ᠦᠨᠳᠦᠰᠦᠲᠡᠨ ᠵᠡᠷᠭᠡ 31 | ᠦᠨᠳᠦᠰᠦᠲᠡᠨ ᠤ ᠤᠯᠠᠨ ᠲᠦᠮᠡᠨ ᠡᠶ᠎ᠡ ᠨᠠᠶᠢᠷᠲᠠᠢ ᠬᠠᠮᠲᠤ ᠣᠷᠣᠰᠢᠵᠤ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠩᠭᠤᠢ ᠬᠠᠭᠤᠳᠠᠰᠤ ᠶᠢ ᠬᠠᠮᠳᠤ ᠪᠠᠷ | ᠪᠢᠴᠢᠭᠯᠡᠵᠦ ᠪᠤᠢ᠃ ᠲᠡᠭᠦᠨ ᠤ 48 ᠲᠣᠰᠬᠤᠨ ᠨᠢ ᠣᠷᠤᠨ ᠤ ᠲᠣᠳᠤᠨ᠎ᠠ ᠭᠠᠳᠠᠠᠨᠠᠬᠢ ᠬᠤᠰᠢᠭᠤ ︵ᠬᠤᠲᠠ᠂ ᠰᠢᠶᠠᠨ︶ ᠲᠠᠢ ᠬᠦᠷᠰᠢᠯᠡᠭᠰᠡᠨ ᠢᠶᠠᠷ ᠥᠪᠡᠷᠮᠢᠴᠡ ᠭᠠᠵᠠᠷ | ᠵᠦᠢ ᠶᠢᠨ ᠥᠩᠭᠡ ᠦᠵᠡᠮᠵᠢ ᠲᠠᠢ ᠪᠦᠭᠡᠳ ᠪᠠᠶᠠᠯᠢᠭ ᠰᠠᠶᠢᠬᠠᠨ ᠬᠥᠮᠥᠨ ᠢᠷᠭᠡᠨᠰᠢᠯ ᠤᠨ ᠦᠵᠡᠮᠵᠢ ᠶᠢ ᠪᠣᠢ ᠪᠤᠯᠭᠠᠭᠰᠠᠨ ᠪᠠᠶᠢᠨ᠎ᠠ᠃ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤᠨ ᠤ ᠳᠠᠶᠢᠴᠢᠨᠲᠠᠯ᠎ᠠ ᠭᠠᠴᠠᠭᠠᠨ ᠤ ᠠᠷᠠᠳ ᠪᠣᠷᠣ ᠬᠠᠯᠢᠰᠤᠲᠤ ᠰᠠᠷᠢᠮᠰᠠᠭ | ᠳᠠᠷᠢᠬᠤ ᠮᠡᠷᠭᠡᠵᠢᠯ ᠢ ᠰᠤᠷᠤᠯᠴᠠᠵᠤ ᠪᠠᠶᠢᠨ᠎ᠠ᠃ ︵ᠽᠧᠩ ᠯᠢᠩ ᠭᠠᠩ ᠰᠡᠭᠦᠳᠡᠷᠯᠡᠪᠡ︶ | ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠪᠠ ᠬᠠᠮᠲᠤ ᠶᠢᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠥᠯᠥᠭᠡ᠂ ᠲᠦᠴᠢᠦᠸᠠᠨ ᠰᠢᠶᠠᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ︽ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ︾ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠬᠢᠷᠢᠨ ᠮᠤᠵᠢ ᠶᠢᠨ ᠲᠤᠤ | ᠨᠠᠨ ᠬᠤᠳᠠ ᠵᠡᠷᠭᠡ ᠭᠠᠵᠠᠷ ᠤᠨ ᠭᠦᠨᠵᠡᠭᠡᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠤᠶᠢᠯ ᠤᠨ ᠶᠡᠭᠡ ᠪᠠᠷ ᠠᠬᠢᠭᠤᠯᠵᠠᠢ᠃ ᠡᠨᠡ ᠬᠦ ᠶᠠᠪᠤᠴᠠ ᠳᠤ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠤᠯᠠᠮ ᠣᠯᠠᠰᠢᠷᠠᠵᠤ᠂ ᠶᠠᠪᠤᠯᠴᠠᠭ᠎ᠠ ᠤᠯᠠᠮ ᠨᠢᠭᠲᠠᠷᠠᠵᠤ᠂ ᠰᠣᠶᠣᠯ ᠤᠨ ᠠᠭᠤᠰᠤᠯᠴᠠᠭ᠎ᠠ ᠤᠯᠠᠮ | ᠭᠦᠨᠵᠡᠭᠡᠶᠢᠷᠡᠵᠦ᠂ ᠨᠢᠭᠡ ᠵᠦᠢᠯ ᠤᠨ ᠥᠪᠡᠷᠮᠢᠴᠡ ᠣᠨᠴᠠᠯᠢᠭ ᠲᠠᠢ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ︾ ᠶᠢᠨ ᠬᠠᠷᠢᠯᠴᠠᠨ ᠰᠢᠭᠢᠳᠬᠦ ᠵᠠᠭᠪᠤᠷ ᠢ | ᠪᠦᠷᠢᠯᠳᠦᠭᠦᠯᠵᠦ᠂ ︽ᠲᠦᠴᠢᠤᠸᠠᠨ ᠤ ᠦᠯᠢᠭᠡᠷ ᠳᠠᠭᠤᠷᠢᠶᠠᠯ︾ ᠬᠡᠮᠡᠨ ᠠᠯᠳᠠᠷᠰᠢᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ | ᠪᠣᠯᠤᠭᠰᠠᠨ ᠪᠠᠶᠢᠨ᠎ᠠ᠃ | ︽ᠪᠣᠷᠣ ᠬᠠᠯᠢᠰᠤᠲᠤ ᠰᠠᠷᠢᠮᠰᠠᠭ ᠤᠨ ᠲᠠᠷᠢᠶᠠᠨ ᠭᠠᠵᠠᠷ ᠤᠨ ᠬᠠᠮᠢᠶᠠᠷᠤᠯᠲᠠ ᠨᠢ ᠤᠨᠠᠯᠲᠠ ᠶᠢ ᠮᠠᠰᠢ ᠶᠡᠭᠡ ᠪᠠᠷ ᠨᠥᠯᠥᠭᠡᠯᠡᠳᠡᠭ᠂ ᠪᠢᠳᠡ ᠡᠷᠬᠡᠪᠰᠢ | ᠨᠠᠷᠢᠯᠢᠭᠵᠢᠭᠤᠯᠤᠨ ᠬᠠᠮᠢᠶᠠᠷᠴᠤ᠂ ᠤᠰᠤ ᠪᠣᠷᠳᠣᠭᠤᠷ ᠢ ᠭᠦᠢᠴᠡᠳ ᠪᠠᠶᠢᠯᠭᠠᠬᠤ ᠬᠡᠷᠡᠭᠲᠡᠢ ᠁︾ ᠣᠶᠢᠷ᠎ᠠ ᠳᠤ ᠲᠦᠴᠢᠦᠸᠠᠨ ᠰᠢᠶᠠᠨ ᠤ ᠲᠦᠴᠢᠦᠸᠠᠨ | ᠪᠠᠯᠭᠠᠰᠤᠨ ᠤ ᠯᠢᠦ ᠾᠧ ᠲᠣᠰᠬᠤᠨ ᠤ ᠪᠣᠷᠣ ᠬᠠᠯᠢᠰᠤᠲᠤ ᠰᠠᠷᠢᠮᠰᠠᠭ ᠲᠠᠷᠢᠬᠤ ᠰᠠᠭᠤᠷᠢᠨ ᠭᠠᠵᠠᠷ ᠲᠤ ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠪᠣᠷᠣ ᠬᠠᠯᠢᠰᠤᠲᠤ ᠰᠠᠷᠢᠮᠰᠠᠭ ᠤᠨ ᠠᠵᠤ | ᠦᠢᠯᠡᠰ ᠤᠨ ᠬᠥᠭᠵᠢᠯᠲᠡ ᠶᠢᠨ ᠰᠣᠯᠢᠯᠴᠠᠭᠠᠨ ᠤ ᠬᠤᠷᠠᠯ ᠶᠠᠭ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠡᠨᠡ ᠤᠳᠠᠭᠠᠨ ᠤ ᠰᠣᠯᠢᠯᠴᠠᠭᠠᠨ ᠤ ᠬᠤᠷᠠᠯ ᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤᠨ ᠤ ᠳᠠᠶᠢᠴᠢᠨᠲᠠᠯ᠎ᠠ ᠭᠠᠴᠠᠭᠠᠨ ᠤ ᠠᠷᠠᠳ ᠲᠤ ᠬᠠᠨᠳᠤᠭᠤᠯᠤᠨ ᠲᠤᠰᠬᠠᠶᠢᠯᠠᠨ ᠶᠠᠪᠤᠭᠳᠠᠭᠤᠯᠵᠠᠢ᠂ | ᠲᠣᠰᠬᠤᠨ ᠤ ᠠᠷᠠᠳ ᠪᠣᠷᠣ ᠰᠠᠷᠢᠮᠰᠠᠭ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠯ᠎ᠠ᠃ | ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠤᠨ | ᠳᠠᠷᠤᠭ᠎ᠠ ᠲᠢᠶᠠᠨ ᠴᠧᠩ ᠯᠢᠨ ᠮᠡᠷᠭᠡᠵᠢᠯ ᠤᠨ ᠮᠡᠳᠡᠯᠭᠡ ᠶᠢ ᠪᠦᠬᠦ ᠬᠦᠴᠦᠨ ᠢᠶᠠᠷ ᠵᠢᠭᠠᠬᠤ ᠪᠠᠷ ᠪᠠᠷᠠᠬᠤ ᠦᠭᠡᠢ᠂ ᠪᠠᠰᠠ ᠪᠣᠷᠣ ᠬᠠᠯᠢᠰᠤᠲᠤ ᠰᠠᠷᠢᠮᠰᠠᠭ ᠤᠨ | ᠲᠠᠷᠢᠮᠠᠯ ᠤᠨ ᠬᠡᠪᠴᠢᠶ᠎ᠡ ᠶᠢ ᠬᠡᠷᠬᠢᠨ ᠥᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠳᠤᠳᠬᠠᠬᠤ ᠵᠢᠴᠢ ᠪᠦᠲᠦᠭᠡᠭᠳᠡᠬᠦᠨ ᠤ ᠨᠡᠮᠡᠯᠲᠡ ᠥᠷᠲᠡᠭ ᠢ ᠬᠡᠷᠬᠢᠨ | ᠳᠡᠭᠡᠭᠰᠢᠯᠡᠭᠦᠯᠬᠦ ᠲᠤᠬᠠᠢ ᠭᠦᠨᠵᠡᠭᠡᠢ ᠲᠠᠶᠢᠯᠪᠤᠷᠢᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠬᠠᠮᠲᠤ ᠪᠠᠷ ᠪᠣᠷᠣ ᠬᠠᠯᠢᠰᠤᠲᠤ ᠰᠠᠷᠢᠮᠰᠠᠭ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠶᠢ ᠬᠦᠰᠡᠪᠡ᠃ | | ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠲᠡᠵᠢᠭᠡᠨ | ᠦᠷᠡᠵᠢᠭᠦᠯᠬᠦ ᠪᠣᠯᠪᠠᠰᠤᠷᠠᠯ ᠢ ᠥᠷᠨᠢᠭᠦᠯᠵᠡᠢ᠃ ︵ᠽᠧᠩ ᠯᠢᠩ ᠭᠠᠩ ᠰᠡᠭᠦᠳᠡᠷᠯᠡᠪᠡ︶ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠶᠢᠴᠢᠨᠳᠠᠯ᠎ᠠ ᠰᠤᠮᠤ ᠶᠢᠨ ᠲᠠᠶᠢᠴᠢᠨᠳᠠᠯ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠭᠦᠸᠧ ᠬᠠᠢ | ᠢᠦᠢ᠄ ︽ᠡᠨᠡ ᠬᠡᠳᠦᠨ ᠵᠢᠯ᠂ ᠮᠠᠨ ᠤ ᠯᠢᠦ ᠾᠧ ᠲᠣᠰᠬᠤᠨ ᠯᠤᠭ᠎ᠠ ᠶᠢᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠨᠢᠭᠡ ᠭᠡᠷ ᠤᠨ ᠬᠥᠮᠥᠨ ᠰᠢᠭ ᠡᠶ᠎ᠡ | ᠵᠣᠬᠢᠴᠠᠩᠭᠤᠢ ᠬᠠᠷᠢᠴᠠᠭ᠎ᠠ ᠲᠠᠢ ᠪᠣᠯᠵᠠᠢ᠃ ᠯᠢᠦ ᠾᠧ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠥᠷᠨᠢᠭᠦᠨ ᠬᠥᠭᠵᠢᠩᠭᠦᠢ ᠪᠠᠶᠢᠵᠦ᠂ | ᠮᠠᠨ ᠤ ᠭᠠᠴᠠᠭᠠᠨ ᠤ ᠠᠷᠠᠳ ᠬᠠᠷᠢᠨ ᠲᠡᠵᠢᠭᠡᠨ ᠦᠷᠡᠵᠢᠬᠦᠯᠬᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ᠃ ᠣᠳᠣᠬᠠᠨ ᠳᠤ ᠪᠢᠳᠡ ᠬᠠᠷᠢᠯᠴᠠᠨ | ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠠᠶᠠᠵᠢᠵᠦ ᠪᠠᠶᠢᠨ᠎ᠠ︾ ᠭᠡᠵᠡᠢ᠃ | | ᠯᠢᠦ ᠾᠧ ᠲᠣᠰᠬᠤᠨ ᠤ ᠠᠷᠠᠳ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠰᠤᠷᠴᠤ ᠪᠠᠶᠢᠨ᠎ᠠ᠃ ︵ᠽᠧᠩ ᠯᠢᠩ ᠭᠠᠩ ᠰᠡᠭᠦᠳᠡᠷᠯᠡᠪᠡ︶ | ᠣᠶᠢᠷ᠎ᠠ ᠶᠢᠨ ᠵᠢᠯ ᠠᠴᠠ ᠯᠢᠦ ᠾᠧ ᠲᠣᠰᠬᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠥᠯᠥᠭᠡᠯᠡᠬᠦ ᠬᠦᠴᠦᠨ ᠪᠠ ᠳᠠᠶᠢᠴᠢᠯᠠᠬᠤ ᠬᠦᠴᠦᠨ ᠲᠠᠢ ᠪᠠᠶᠠᠵᠢᠯ ᠤᠨ ᠴᠢᠳᠠᠪᠤᠷᠢᠲᠠᠨ᠂ ᠤᠳᠬ᠎ᠠ ᠤᠷᠠᠯᠢᠭ ᠤᠨ | ᠪᠠᠭ᠋ᠠᠲᠠᠨ᠂ ᠡᠮᠡᠭᠲᠡᠶᠢᠴᠦᠳ ᠤᠨ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠰᠢᠩᠭᠡᠭᠡᠨ ᠠᠪᠴᠦ᠂ ᠳᠠᠶᠢᠴᠢᠨᠲᠠᠯ᠎ᠠ ᠭᠠᠴᠠᠭ᠎ᠠ ᠲᠠᠢ ᠬᠤᠯᠪᠤᠭᠠᠯᠠᠨ | ᠰᠢᠨ᠎ᠡ ᠶᠢ ᠡᠭᠦᠳᠴᠦ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠥᠷᠨᠢᠭᠦᠯᠬᠦ ᠪᠠᠷ ᠳᠠᠮᠵᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠦᠷᠢᠯᠡᠬᠦ ᠪᠠᠷ ᠳᠠᠮᠵᠢᠭᠤᠯᠵᠤ᠂ ᠠᠵᠤ ᠦᠢᠯᠡᠰ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠡᠢ᠃ ᠣᠨᠴᠠᠭᠠᠶᠢᠯᠠᠨ ᠳᠤᠷᠠᠳᠤᠭᠤᠰᠢᠲᠠᠢ ᠵᠦᠢᠯ | ᠭᠡᠪᠡᠯ᠂ ᠳᠠᠶᠢᠴᠢᠨᠲᠠᠯ᠎ᠠ ᠭᠠᠴᠠᠭ᠎ᠠ ᠨᠢ ᠯᠢᠦ ᠾᠧ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠪᠥᠬᠦ ᠲᠠᠯ᠎ᠠ ᠶᠢᠨ ᠳᠡᠮᠵᠢᠯᠭᠡ ᠬᠠᠩᠭᠠᠵᠤ᠂ ᠦᠬᠡᠷ ᠤᠨ | ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠵᠢᠭᠡᠯᠡᠯᠭᠡ ᠶᠢ ᠵᠣᠬᠢᠴᠠᠭᠤᠯᠬᠤ ᠠᠴᠠ ᠮᠡᠷᠭᠡᠵᠢᠯ ᠤᠨ ᠪᠣᠯᠪᠠᠰᠤᠷᠠᠯ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ | ᠬᠦᠷᠲᠡᠯ᠎ᠡ ᠴᠥᠮ ︽ᠠᠰᠠᠷᠠᠭᠴᠢ ᠮᠠᠶ᠋ᠢᠭ︾ ᠤᠨ ᠮᠦᠷᠳᠡᠭᠰᠡᠨ ᠦᠢᠯᠡᠴᠢᠯᠡᠭᠡ ᠶᠢ ᠬᠡᠷᠡᠭᠵᠢᠭᠦᠯᠦᠭᠰᠡᠨ ᠪᠠᠶᠢᠨ᠎ᠠ᠃ | ᠡᠶᠢᠮᠦᠷᠬᠦᠦ ᠲᠣᠰᠬᠤᠨ ᠠᠯᠤᠰᠯᠠᠭᠰᠠᠨ᠂ ᠬᠤᠶᠠᠷ ᠦᠨᠳᠦᠰᠦᠲᠡᠨ ᠤ ᠭᠦᠨᠵᠡᠭᠡᠢ ᠬᠠᠮᠲᠤᠷᠠᠯᠴᠠᠭ᠎ᠠ ᠨᠢ ᠯᠢᠦ ᠾᠧ ᠲᠣᠰᠬᠤᠨ ᠤ ᠠᠯᠠᠰᠢᠨ ᠦᠬᠡᠷ ᠤᠨ ᠠᠵᠤ | ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠵᠠᠢ᠃ ᠤᠳᠤᠬᠠᠨ ᠳᠤ ᠯᠢᠦ ᠾᠧ ᠲᠣᠰᠬᠤᠨ ᠤ ᠠᠯᠠᠰᠢᠨ ᠦᠬᠡᠷ ᠤᠨ ᠲᠤᠭ᠎ᠠ ᠨᠢᠭᠡᠨᠲᠡ 900 ᠭᠠᠷᠤᠢ ᠪᠣᠯᠵᠤ᠂ | ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠴᠤ 2018 ᠣᠨ ᠤ 9000 ᠲᠥᠭᠦᠷᠢᠭ ᠪᠠᠶᠢᠭᠰᠠᠨ ᠠᠴᠠ ᠶᠡᠭᠡ ᠪᠠᠷ ᠨᠡᠮᠡᠭᠳᠡᠭᠡᠳ 2023 | ᠣᠨ ᠤ ᠰᠡᠭᠦᠯᠴᠢ ᠶᠢᠨ 2 ᠲᠦᠮᠡᠨ ᠲᠥᠭᠦᠷᠢᠭ ᠲᠤ ᠬᠦᠷᠴᠡᠢ᠃ | ᠬᠤᠶᠠᠷ ᠲᠠᠯ᠎ᠠ ᠪᠠᠷ ᠢᠶᠠᠨ ᠪᠣᠷᠣ ᠬᠠᠯᠢᠰᠤᠳᠤ ᠰᠠᠷᠢᠮᠰᠠᠭ ᠪᠣᠯᠣᠨ ᠠᠯᠠᠰᠢᠨ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠦᠭᠰᠡᠨ ᠨᠢ ᠬᠠᠮᠲᠤ ᠪᠠᠷ | ᠴᠢᠷᠮᠠᠶᠢᠭᠰᠠᠨ ᠤ ᠦᠷ᠎ᠡ ᠪᠦᠲᠦᠭᠡᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠨᠦᠭᠦᠳ ᠪᠦᠯᠬᠦᠮᠳᠡᠵᠦ᠂ ᠭᠠᠷ ᠬᠤᠯᠪᠣᠨ ᠬᠥᠭᠵᠢᠭᠰᠡᠨ ᠤ ᠠᠮᠢᠳᠤᠯᠢᠭ | ᠵᠢᠷᠤᠭᠯᠠᠯ ᠪᠣᠯᠬᠤ ᠶᠤᠮ᠃ | | | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | | | | | |