9 ᠳ᠋ᠦ᠋ᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ | ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠠᠨ ᠶᠠᠨ ᠨᠠᠷ ᠮᠠᠨ ᠤ ᠵᠥᠪᠯᠡᠯ ᠳᠤ ᠢᠷᠡᠵᠦ ︽ᠤᠶᠠᠩᠭᠠᠲᠤ ᠳᠤᠮᠳᠠᠳᠤ ᠤᠯᠤᠰ ᠰᠢᠯᠦᠭᠲᠦ ᠤᠮᠠᠷᠠᠲᠤ ᠬᠢᠯᠢ︾ ᠭᠡᠬᠦ ᠲᠣᠮᠣ | ᠬᠡᠯᠪᠡᠷᠢ ᠶᠢᠨ ᠢᠷᠠᠭᠤ ᠨᠠᠶᠢᠷᠠᠭ ᠤᠨ ᠠᠵᠢᠯᠯᠠᠭ᠎ᠠ ᠶᠢᠨ ᠲᠤᠬᠠᠶ ᠶᠠᠷᠢᠯᠴᠠᠨ ᠰᠣᠯᠢᠯᠴᠠᠪᠠ᠂ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠳᠡᠳ᠋ ᠡᠷᠬᠢᠯᠡᠭᠴᠢ ᠺᠠᠩ ᠢᠦ᠋ᠶ ᠹᠧᠩ ᠬᠤᠷᠠᠯ ᠢ ᠡᠷᠭᠢᠯᠡᠪᠡ᠃ | ︽ᠤᠶᠠᠩᠭᠠᠲᠤ ᠳᠤᠮᠳᠠᠳᠤ ᠤᠯᠤᠰ ᠰᠢᠯᠦᠭᠲᠦ ᠤᠮᠠᠷᠠᠲᠤ ᠬᠢᠯᠢ︾ ᠭᠡᠬᠦ ᠲᠣᠮᠣ ᠬᠡᠯᠪᠡᠷᠢ ᠶᠢᠨ ᠢᠷᠠᠭᠤ ᠨᠠᠶᠢᠷᠠᠭ ᠤᠨ ᠠᠵᠢᠯᠯᠠᠭ᠎ᠠ ᠶᠢ ᠡᠷᠭᠢᠯᠡᠬᠦ ᠪᠣᠯ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ | ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ | ︽ᠤᠮᠠᠷᠠᠲᠤ ᠬᠢᠯᠢ ᠶᠢᠨ ᠰᠣᠶᠣᠯ︾ ᠤᠨ ᠡᠯᠪᠡᠭ ᠪᠠᠶᠠᠯᠢᠭ ᠠᠭᠤᠯᠤᠭᠳᠠᠬᠤᠨ ᠢ ᠠᠮᠢᠳᠤᠯᠢᠭ ᠳᠦᠷᠰᠦᠯᠢᠭ ᠢᠶᠠᠷ ᠢᠯᠡᠷᠡᠭᠦᠯᠬᠦ ᠨᠢᠭᠡ ᠤᠳᠠᠭᠠᠨ ᠤ ᠪᠣᠳᠠᠲᠠᠶ | ᠦᠶᠯᠡᠳᠦᠯᠭᠡ ᠪᠣᠯᠤᠨ᠎ᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠠᠵᠢᠯᠯᠠᠭ᠎ᠠ ᠶᠢ ᠥᠷᠨᠢᠭᠦᠯᠬᠦ ᠪᠣᠳᠠᠲᠠᠶ ᠠᠭᠤᠯᠭ᠎ᠠ ᠵᠢᠴᠢ ᠨᠡᠪᠲᠡᠷᠡᠯᠴᠡᠭᠡ | ᠬᠠᠮᠵᠢᠯᠴᠠᠭ᠎ᠠ ᠪᠠᠨ ᠬᠡᠷᠬᠢᠨ ᠴᠢᠩᠭᠠᠳᠬᠠᠬᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠬᠡᠷᠬᠢᠨ ᠥᠷᠭᠡᠳᠬᠡᠬᠦ᠂ ᠠᠵᠢᠯ ᠤᠨ ᠶᠠᠪᠤᠴᠠ ᠪᠠᠨ ᠬᠡᠷᠬᠢᠨ | ᠰᠢᠯᠢᠳᠡᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ᠂ ᠬᠠᠮᠲᠤᠷᠠᠯᠴᠠᠭᠠᠨ ᠤ ᠰᠡᠳᠬᠢᠮᠵᠢ ᠪᠠᠨ ᠲᠣᠳᠣᠷᠬᠠᠶᠢᠯᠠᠵᠤ᠂ ᠠᠵᠢᠯ ᠤᠨ ᠲᠥᠰᠦᠯ ᠢᠶᠠᠨ | ᠵᠥᠪᠳᠡᠯᠴᠡᠨ ᠲᠣᠭᠲᠠᠭᠠᠪᠠ᠃ | ᠡᠨᠡ ᠵᠢᠯ ᠤᠨ ᠡᠬᠢ ᠪᠠᠷ ᠮᠠᠨ ᠤ ᠵᠥᠪᠯᠡᠯ ᠪᠣᠯᠤᠨ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ | ᠵᠣᠬᠢᠶᠠᠯᠴᠢᠳ ᠤᠨ ᠨᠡᠶᠢᠭᠡᠮᠯᠢᠭ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ | ᠪᠣᠯᠭᠠᠬᠤ ᠪᠠᠷ ᠰᠢᠨ᠎ᠡ ᠴᠠᠭ ᠦᠶ᠎ᠡ ᠶᠢᠨ ᠦᠨᠳᠦᠰᠦᠲᠡᠨ ᠤ ᠤᠳᠬ᠎ᠠ ᠵᠣᠬᠢᠶᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠤᠷᠢᠳ ᠬᠤᠵᠢᠳ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠠᠵᠢᠨᠠᠶ ᠬᠦᠯᠦᠭ ᠱᠠᠩᠨᠠᠯᠲᠤ ᠵᠣᠬᠢᠶᠠᠯ ᠢ ᠲᠠᠨᠢᠯᠴᠠᠭᠤᠯᠬᠤ | ᠠᠵᠢᠯ᠂ ᠣᠷᠴᠢᠭᠤᠯᠭ᠎ᠠ ᠶᠢᠨ ᠠᠵᠢᠯ ᠵᠡᠷᠭᠡ ᠲᠠᠯ᠎ᠠ ᠶᠢᠨ ᠬᠠᠮᠵᠢᠯᠴᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠮᠠᠰᠢ ᠰᠠᠶᠢᠨ ᠦᠷ᠎ᠡ ᠪᠦᠲᠦᠮᠵᠢ ᠤᠯᠪᠠ᠃ | ᠲᠠᠷᠠᠭᠠᠴᠢ ᠪᠠᠷ ᠬᠤᠶᠠᠷ ᠲᠠᠯ᠎ᠠ ᠪᠠᠷ ᠢᠶᠠᠨ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠲᠤᠷᠠᠯᠴᠠᠵᠤ᠂ ᠲᠣᠰ ᠤᠳᠠᠭ᠎ᠠ ᠶᠢᠨ ᠬᠠᠮᠲᠤᠷᠠᠯᠴᠠᠭ᠎ᠠ | ᠪᠠᠷ ᠠᠵᠠ ᠲᠣᠬᠢᠶᠠᠯ ᠪᠣᠯᠭᠠᠵᠤ᠂ ᠰᠣᠶᠣᠯ ᠤᠬᠠᠭᠤᠯᠭ᠎ᠠ ᠶᠢᠨ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠥᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ | ᠰᠠᠶᠢᠬᠠᠨ ᠠᠬᠤᠢ ᠨᠥᠭᠦᠴᠡᠯ ᠢ ᠪᠣᠶ ᠪᠣᠯᠭᠠᠨ᠎ᠠ ᠭᠡᠪᠡ᠃ | | | | | | | | | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠸᠠᠩ ᠰᠢᠥᠸᠠᠢ ᠳ᠋ᠦᠩ |