ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ | ᠥᠰᠥᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢᠶᠠᠨ ᠰᠤᠷᠤᠯᠴᠠᠬᠤ ᠪᠠ | ᠬᠡᠷᠡᠭᠯᠡᠬᠦ ᠶᠢ ᠬᠦᠨᠳᠦᠳᠬᠡᠨ ᠪᠠᠳᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠠᠴᠠ 2024 ᠣᠨ ᠳᠤ ᠦᠨᠳᠦᠰᠦᠲᠡᠨ ᠤ | ᠦᠭᠡ ᠬᠡᠯᠡ ᠥᠰᠥᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ 12 ᠵᠦᠢᠯ ᠤᠨ ᠲᠥᠷᠥᠯ ᠵᠦᠢᠯ ᠢ ᠲᠣᠭᠲᠠᠭᠠᠵᠤ᠂ ᠭᠤᠷᠪᠠᠨ ᠴᠢᠩᠭᠠᠳᠬᠠᠬᠤ ᠶᠢ | ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠰᠤᠳᠤᠯᠭᠠᠨ ᠤ ᠦᠷ᠎ᠡ | ᠪᠦᠲᠦᠭᠡᠯ ᠤᠨ ᠤᠯᠠᠷᠢᠭᠤᠯᠤᠯᠲᠠ ᠪᠠ ᠬᠡᠷᠡᠭᠯᠡᠯᠲᠡ ᠶᠢ ᠠᠬᠢᠭᠤᠯᠪᠠ᠃ | ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠪᠠ᠃ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠰᠤᠳᠤᠯᠭᠠᠨ ᠤ ᠲᠤᠰᠬᠠᠢ ᠮᠡᠷᠭᠡᠵᠢᠯᠲᠡᠨ | ᠡᠷᠳᠡᠮᠲᠡᠨ ᠢ ᠨᠠᠢᠮᠠᠨ ᠮᠤᠵᠢ ᠣᠷᠣᠨ᠂ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠬᠠᠤ ᠦᠨᠳᠦᠰᠦᠲᠡᠨ ᠤ | ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠮᠡᠳᠡᠭᠡ ᠵᠠᠩᠬᠢᠴᠢᠯᠠᠭᠤᠯᠤᠯᠲᠠ ᠶᠢᠨ ᠪᠣᠯᠪᠠᠰᠤᠷᠠᠯ ᠤᠨ ᠠᠩᠭᠢ᠂ ᠮᠣᠩᠭᠤᠯ ᠬᠡᠯᠡᠨ ᠤ | ᠨᠡᠷ᠎ᠡ ᠲᠣᠮᠢᠶ᠎ᠠ ᠶᠢ ᠰᠤᠳᠤᠯᠤᠨ ᠰᠤᠷᠤᠯᠴᠠᠬᠤ ᠠᠩᠭᠢ᠂ ᠰᠢᠨ᠎ᠡ ᠦᠭᠡ ᠨᠡᠷ᠎ᠡ ᠲᠣᠮᠢᠶ᠎ᠠ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠵᠡᠷᠭᠡ | ᠬᠤᠷᠠᠯ ᠤᠨ ᠠᠵᠢᠯᠯᠠᠭ᠎ᠠ ᠳᠤ ᠣᠷᠤᠯᠴᠠᠭᠤᠯᠵᠤ᠂ ᠨᠠᠮ ᠤᠨ ᠦᠨᠳᠦᠰᠦᠲᠡᠨ ᠤ ᠣᠨᠣᠯ ᠪᠣᠯᠣᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠬᠢᠵᠦ᠂ ︽ᠳᠤᠮᠳᠠᠳᠤ ᠶᠢᠨ | ᠰᠢᠯᠢᠳᠡᠭ ᠦᠭᠡ ᠬᠡᠯᠡᠨ ᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠳᠤ ᠪᠠᠨ ᠢᠲᠡᠭᠡᠯ ᠲᠠᠢ ᠰᠤᠶᠤᠯ ᠢᠶᠠᠷ ᠢᠶᠠᠨ ᠬᠦᠴᠦᠷᠬᠡᠭᠵᠢᠬᠦ ᠶᠢ ᠠᠬᠢᠭᠤᠯᠬᠤ︾᠂ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ | ᠭᠡᠷ ᠣᠷᠣᠨ ᠢ ᠴᠣᠭᠴᠠᠯᠠᠬᠤ︾ ᠵᠡᠷᠭᠡ ᠭᠤᠣᠯ ᠰᠡᠳᠦᠪ ᠤᠨ ᠲᠣᠭᠤᠷᠢᠨ ᠳᠤ ᠰᠣᠳᠤᠯᠭ᠎ᠠ ᠶᠠᠷᠢᠯᠴᠠᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠳ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠ ᠶᠡᠭᠡ ᠲᠠᠯ᠎ᠠ ᠭᠤᠣᠯᠳᠠᠯᠭ᠎ᠠ ᠳᠤ ᠦᠢᠯᠡᠴᠢᠯᠡᠬᠦ ᠤᠯᠤᠰ ᠲᠦᠷᠦ ᠶᠢᠨ | ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠪᠠ᠃ | ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠪᠠ᠃ ᠡᠳᠦᠷ ᠲᠤᠲᠤᠮ ᠤᠨ ᠲᠤᠬᠢᠷᠠᠭᠤᠯᠤᠯᠳᠠ᠂ ᠳᠤᠮᠳᠠᠬᠢ ᠬᠤᠭᠤᠴᠠᠭᠠᠨ ᠤ ᠪᠠᠶᠢᠴᠠᠭᠠᠯᠲᠠ᠂ ᠶᠠᠷᠢᠯᠴᠠᠨ | ᠰᠣᠯᠢᠯᠴᠠᠬᠤ ᠵᠡᠷᠭᠡ ᠠᠷᠭ᠎ᠠ ᠭᠡᠯᠪᠡᠷᠢ ᠪᠠᠷ ᠲᠠᠮᠵᠢᠭᠤᠯᠵᠦ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠲᠦᠷᠦᠯ | ᠵᠦᠢᠯ ᠤᠨ ᠬᠠᠮᠢᠶᠠᠷᠤᠯᠲᠠ ᠶᠢ ᠴᠢᠩᠭᠠᠳᠬᠠᠪᠠ᠃ 3 ᠳ᠋ᠤᠭᠠᠷ ᠰᠠᠷ᠎ᠠ ᠳᠤ ᠲᠦᠷᠦᠯ ᠵᠦᠢᠯ ᠢ ᠲᠣᠭᠲᠠᠭᠠᠭᠰᠠᠨ ᠤ ᠳᠠᠷᠠᠭ᠎ᠠ ᠡᠷᠳᠡᠮ ᠰᠢᠨᠵᠢᠯᠡᠭᠡᠨ ᠤ ᠰᠤᠳᠤᠯᠭᠠᠨ ᠤ | ᠲᠦᠷᠦᠯ ᠵᠦᠢᠯ ᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ ᠲᠠᠢ ᠨᠢᠭᠡᠳ ᠨᠢᠭᠡ ᠪᠠᠷ ᠬᠠᠷᠢᠯᠴᠠᠵᠤ᠂ ᠰᠤᠳᠤᠯᠭᠠᠨ ᠤ ᠰᠡᠳᠬᠢᠴᠡ᠂ ᠰᠤᠳᠤᠯᠭᠠᠨ ᠤ ᠴᠢᠭᠯᠡᠯ ᠪᠣᠯᠣᠨ | ᠰᠤᠳᠤᠯᠭᠠᠨ ᠤ ᠲᠥᠯᠥᠪᠯᠡᠭᠡ ᠶᠢ ᠴᠠᠭ ᠲᠤᠬᠠᠢ ᠳᠤ ᠨᠢ ᠣᠶᠢᠯᠠᠭᠠᠪᠠ᠃ 7 ᠳ᠋ᠤᠭᠠᠷ ᠰᠠᠷ᠎ᠠ ᠶᠢᠨ 30 ᠤ ᠡᠳᠦᠷ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠬᠡᠬᠤᠲᠠ | ᠣᠷᠤᠨ ᠤ ᠬᠢᠨ ᠤ ᠡᠭᠦᠷᠭᠡᠯᠡᠭᠰᠡᠳ ᠤᠨ ᠰᠤᠳᠤᠯᠭᠠᠨ ᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠡᠷᠳᠡᠮ ᠰᠢᠨᠵᠢᠯᠡᠭᠡᠨ ᠤ ᠰᠤᠳᠤᠯᠭᠠᠨ ᠤ | ᠲᠦᠷᠦᠯ ᠵᠦᠢᠯ ᠤᠨ ᠠᠬᠢᠴᠠ ᠶᠢᠨ ᠲᠣᠬᠢᠷᠠᠭᠤᠯᠤᠯᠲᠠ᠂ ᠣᠷᠣᠰᠢᠵᠤ ᠪᠠᠶᠢᠭ᠎ᠠ ᠠᠰᠠᠭᠤᠳᠠᠯ᠂ ᠰᠠᠨᠠᠯ ᠰᠠᠨᠠᠭᠤᠯᠭ᠎ᠠ ᠶᠢᠨ ᠲᠤᠬᠠᠢ ᠰᠣᠯᠢᠯᠴᠠᠵᠤ ᠪᠠᠶᠢᠷᠢᠯᠠᠭᠤᠯᠤᠯᠲᠠ ᠬᠢᠪᠡ᠃ | 7 ᠠᠴᠠ 8 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠵᠡᠷᠭᠡ 8 ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠰᠤᠳᠤᠯᠭᠠᠨ ᠤ ᠪᠠᠶᠢᠭᠤᠯᠤᠮᠵᠢ ᠳᠤ ᠭᠦᠨᠵᠡᠭᠡᠶᠢᠷᠡᠵᠦ᠂ ᠡᠷᠳᠡᠮ ᠰᠢᠨᠵᠢᠯᠡᠭᠡᠨ ᠤ ᠲᠦᠷᠦᠯ | ᠵᠦᠢᠯ ᠤᠨ ᠰᠤᠳᠤᠯᠭᠠᠨ ᠤ ᠠᠬᠢᠴᠠ᠂ ᠰᠤᠳᠤᠯᠭᠠᠨ ᠤ ᠦᠷ᠎ᠡ ᠪᠦᠲᠦᠭᠡᠯ᠂ ᠵᠠᠰᠠᠭ ᠲᠤ ᠲᠤᠰᠠᠯᠠᠬᠤ ᠰᠡᠳᠬᠢᠮᠵᠢ ᠪᠣᠯᠣᠨ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ | ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤ ᠨᠢ ᠣᠶᠢᠯᠠᠭᠠᠵᠤ᠂ ᠪᠣᠳᠠᠲᠠᠢ ᠵᠢᠯᠤᠭᠤᠳᠬᠤ ᠰᠠᠨᠠᠯ ᠳᠤᠷᠠᠳᠴᠠᠢ᠃ | ᠦᠷ᠎ᠡ ᠪᠦᠲᠦᠭᠡᠯ ᠤᠨ ᠤᠯᠠᠷᠢᠭᠤᠯᠤᠯᠳᠠ ᠶᠢ ᠴᠢᠩᠭᠠᠳᠬᠠᠪᠠ᠃ ᠨᠡᠶᠢᠲᠡᠯᠢᠭ ᠴᠢᠨᠠᠷ ᠢ ᠴᠢᠩᠭᠠᠳᠬᠠᠵᠤ᠂ ᠵᠥᠷᠢᠶᠡᠲᠦ ᠴᠢᠨᠠᠷ ᠢ ᠪᠠᠭᠤᠷᠠᠶᠢᠰᠢᠭᠤᠯᠬᠤ | ᠰᠤᠳᠤᠯᠭᠠᠨ ᠤ ᠤᠳᠤᠷᠢᠳᠤᠮᠵᠢ ᠶᠢ ᠪᠠᠷᠢᠮᠲᠠᠯᠠᠵᠤ᠂ ᠦᠷ᠎ᠡ ᠪᠦᠲᠦᠭᠡᠯ ᠤᠨ ᠤᠯᠠᠷᠢᠭᠤᠯᠤᠯᠳᠠ ᠶᠢ ᠡᠷᠳᠡᠮ ᠰᠢᠨᠵᠢᠯᠡᠭᠡᠨ ᠤ ᠰᠤᠳᠤᠯᠭᠠᠨ ᠤ ᠲᠦᠷᠦᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠵᠦ᠂ ᠰᠡᠳᠦᠪ ᠰᠣᠩᠭᠤᠨ ᠴᠤᠭᠯᠠᠭᠤᠯᠬᠤ᠂ ᠰᠡᠳᠦᠪ ᠲᠣᠭᠲᠠᠭᠠᠬᠤ ᠠᠴᠠ ᠡᠬᠢᠯᠡᠨ ᠦᠷ᠎ᠡ | ᠪᠦᠲᠦᠭᠡᠯ ᠢ ᠤᠯᠠᠷᠢᠭᠤᠯᠬᠤ ᠤᠬᠠᠮᠰᠠᠷ ᠢ ᠪᠤᠢ ᠪᠣᠯᠭᠠᠵᠤ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠠᠵᠢᠯ ᠢ | ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ ᠥᠷᠨᠢᠭᠦᠯᠬᠦ ᠶᠢ ᠦᠨᠡᠨ ᠬᠦ ᠪᠠᠲᠤᠯᠠᠪᠠ᠃ ᠣᠳᠣᠬᠠᠨ ᠳᠤ ᠡᠷᠳᠡᠮ ᠰᠢᠨᠵᠢᠯᠡᠭᠡᠨ ᠤ ᠰᠤᠳᠤᠯᠭᠠᠨ ᠤ | 12 ᠲᠦᠷᠦᠯ ᠵᠦᠢᠯ ᠨᠢ ᠴᠥᠮ ᠰᠤᠳᠤᠯᠭᠠᠨ ᠤ ᠦᠷ᠎ᠡ ᠪᠦᠲᠦᠭᠡᠯ ᠲᠠᠢ ᠪᠣᠯᠪᠠ᠂ ᠡᠭᠦᠨ ᠤ ᠳᠣᠲᠣᠷᠠᠬᠢ 8 ᠲᠥᠷᠥᠯ ᠵᠦᠢᠯ ᠨᠢ ᠨᠢᠭᠡᠨᠲᠡ ᠦᠷ᠎ᠡ ᠪᠦᠲᠦᠭᠡᠯ ᠤᠨ | ᠤᠯᠠᠷᠢᠭᠤᠯᠤᠯᠳᠠ ᠶᠢ ᠪᠡᠶᠡᠯᠡᠭᠦᠯᠵᠦ᠂ ᠡᠷᠳᠡᠮ ᠰᠢᠨᠵᠢᠯᠡᠭᠡᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠪᠦᠲᠦᠭᠡᠯᠴᠢ ᠴᠢᠨᠠᠷᠲᠠᠢ ᠪᠠᠷ ᠤᠯᠠᠷᠢᠬᠤ ᠪᠠ ᠰᠢᠨ᠎ᠡ ᠡᠭᠦᠳᠦᠯᠲᠡ ᠲᠠᠢ ᠪᠠᠷ ᠬᠥᠭᠵᠢᠬᠦ ᠶᠢ ᠦᠨᠡᠨ ᠬᠦ ᠠᠬᠢᠭᠤᠯᠵᠤ᠂ ᠤᠯᠤᠰ ᠤᠨ ᠦᠭᠡ ᠬᠡᠯᠡᠨ ᠤ ᠰᠣᠶᠣᠯ ᠤᠨ ᠠᠮᠤᠷ | ᠲᠦᠪᠰᠢᠨ ᠢ ᠬᠠᠮᠠᠭᠠᠯᠠᠪᠠ᠃ | | | | | | | ᠬᠢᠨᠠᠨ ᠨᠠᠶᠢᠷᠠᠭᠤᠯᠤᠭᠴᠢ ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠸᠠᠩ ᠰᠢᠥᠸᠠᠢ ᠳ᠋ᠦᠩ | | | | | | | |