ᠥᠪᠥᠷ ᠮᠣᠩᠭᠤᠯ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/9/29
      2024 ᠣᠨ ᠤ 9 ᠳ᠋ᠦ᠋ᠭᠡᠷ ᠰᠠᠷ᠎ᠠ ᠶᠢᠨ 23 ᠠᠴᠠ 24 ᠪᠣᠯᠲᠠᠯ᠎ᠠ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠰᠢᠯᠢ ᠶᠢᠨ ᠭᠤᠣᠯ ᠠᠶᠢᠮᠠᠭ ᠤᠨ ᠰᠢᠯᠢᠩᠬᠤᠳᠠ ᠳᠤ ᠶᠠᠪᠤᠭᠳᠠᠪᠠ᠃
1.jpg
      ᠬᠤᠷᠠᠯ ᠳᠤ ᠣᠷᠣᠯᠴᠠᠭᠰᠠᠳ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ︽ᠤᠯᠤᠰ ᠤᠨ ᠬᠡᠦᠬᠡᠳ︾ ᠦᠵᠡᠬᠦᠯᠭᠡ ᠶᠢᠨ ᠣᠷᠳᠣᠨ᠂ ᠰᠢᠯᠢᠩᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ᠂ ᠰᠢᠯᠢᠩᠬᠤᠲᠠ ᠶᠢᠨ ᠬᠤᠸᠠ ᠶᠢᠦ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠤᠨ ᠦᠵᠡᠬᠦᠯᠭᠡ ᠶᠢ ᠲᠣᠭᠤᠷᠢᠨ ᠦᠵᠡᠪᠡ᠃ ᠲᠦᠩᠯᠢᠶᠣᠣ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ ᠪᠣᠯᠣᠨ ᠦᠬᠠᠢ ᠬᠤᠳᠠ ᠵᠡᠷᠭᠡ ᠠᠶᠢᠮᠠᠭ ᠬᠤᠳᠠ ᠶᠢᠨ ᠬᠢᠨ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠭᠤᠯᠤᠭᠳᠠᠬᠤᠨ ᠢᠶᠠᠨ ᠭᠦᠨᠵᠡᠭᠡᠶᠢᠷᠡᠭᠦᠯᠬᠦ᠂ ᠬᠡᠯᠪᠡᠷᠢ ᠪᠠᠨ ᠪᠠᠶᠠᠯᠢᠭᠵᠢᠭᠤᠯᠬᠤ᠂ ᠠᠷᠭ᠎ᠠ ᠶᠢᠨ ᠰᠢᠨ᠎ᠡ ᠶᠢ ᠡᠭᠦᠳᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠬᠤ ᠲᠤᠬᠠᠢ ᠰᠠᠨᠠᠯ ᠢᠶᠠᠨ ᠰᠤᠯᠢᠯᠴᠠᠵᠦ ᠶᠠᠷᠢᠶ᠎ᠠ ᠲᠠᠯᠪᠢᠪᠠ᠃
2.jpg
      ᠠᠵᠢᠯᠯᠠᠭ᠎ᠠ ᠶᠢᠨ ᠬᠤᠭᠤᠴᠠᠭᠠᠨ ᠳᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠬᠤ ᠤᠯᠤᠰ ᠲᠥᠷᠥ ᠶᠢᠨ ᠦᠨᠳᠦᠷᠴᠨ ᠠᠴᠠ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠠᠭᠠᠰᠤ ᠠᠴᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠵᠣᠭᠰᠤᠴᠠ ᠠᠴᠠ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠵᠥᠪ ᠲᠠᠨᠢᠯᠲᠠ ᠶᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠨᠢᠳᠦᠨ ᠳᠤ ᠦᠵᠡᠭᠳᠡᠮ᠎ᠡ᠂ ᠭᠠᠷ ᠲᠤ  ᠪᠠᠷᠢᠭᠳᠠᠮ᠎ᠠ᠂ ᠭᠦᠨ ᠲᠥᠷᠥᠭᠳᠡᠯ ᠲᠠᠢ ᠦᠷ᠎ᠡ ᠪᠦᠲᠦᠭᠡᠯ ᠢᠶᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠣᠯᠣᠨ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠣᠷᠢᠭᠲᠠᠢ ᠪᠠᠷ ᠬᠦᠯᠢᠶᠡᠨ ᠠᠪᠴᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ ᠢ ᠪᠤᠢ ᠪᠣᠯᠭᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ ᠠᠭᠤᠰᠤᠯᠴᠠᠭᠤᠯᠤᠨ ᠲᠤᠷᠰᠢᠯᠭ᠎ᠠ ᠪᠠ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠳ᠋ᠦᠩᠨᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠳᠤ ᠦᠨᠳᠦᠰᠦᠯᠡᠭᠦᠯᠬᠦ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠡᠭᠦᠳᠦᠨ ᠪᠠᠶᠢᠭᠤᠯᠬᠤ ᠠᠵᠢᠯ ᠤᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠬᠡᠯᠪᠡᠷᠢᠴᠢ ᠶᠢᠨ ᠦᠵᠡᠯ ᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃       ᠬᠤᠷᠠᠯ ᠠᠴᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠬᠡᠯᠪᠡᠷᠢ ᠶᠢᠨ ᠰᠢᠨ᠎ᠡ ᠶᠢ ᠡᠭᠦᠳᠴᠦ᠂ ᠠᠷᠭ᠎ᠠ ᠪᠠᠨ ᠪᠠᠶᠠᠯᠢᠭᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠪᠡᠶᠡᠯᠡᠭᠦᠯᠬᠦ᠂ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠠᠭᠤᠰᠤᠯᠴᠠᠯ ᠤᠨ ᠰᠢᠷᠢᠰ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ   ᠵᠢᠱᠢᠶᠡᠴᠢ ᠦᠯᠢᠭᠡᠷ ᠢ ᠰᠠᠶᠢᠲᠤᠷ ᠶᠠᠷᠢᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠦ ᠱᠠᠭᠠᠷᠳᠠᠪᠠ᠃
3.jpg
      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠦᠨ ᠭᠦᠸᠧ ᠱᠧᠩ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠰᠦᠨ ᠵᠧᠨ ᠵᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠵᠢᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠤᠯᠪᠤᠭᠳᠠᠯ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠦᠨᠳᠦᠰᠦᠳᠡᠨ ᠤ ᠵᠥᠪᠯᠡᠯ ᠤᠨ ᠡᠷᠬᠢᠯᠡᠭᠴᠢ᠂ ᠲᠤᠬᠠᠶᠢᠯᠠᠭᠰᠠᠨ ᠠᠵᠢᠯ ᠤᠨ ᠰᠠᠯᠠᠭᠠᠨ ᠳᠠᠷᠤᠭ᠎ᠠ᠂ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨᠳᠦᠰᠦᠲᠡᠨ ᠤ ᠵᠥᠪᠯᠡᠯ ᠤᠨ ᠡᠷᠬᠢᠯᠡᠭᠴᠢ ᠵᠢᠴᠢ ᠵᠠᠭᠤᠴᠢᠯᠠᠭᠤᠷ ᠤᠨ ᠰᠤᠷᠪᠤᠯᠵᠢᠯᠠᠭᠴᠢ ᠲᠣᠰ ᠠᠵᠢᠯᠯᠠᠭ᠎ᠠ ᠳᠤ ᠣᠷᠣᠯᠴᠠᠵᠠᠢ᠃      ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ      ᠶᠡᠷᠦᠩᠬᠡᠢ ᠬᠢᠨᠠᠨ ᠨᠠᠶᠢᠷᠠᠭᠤᠯᠤᠭᠴᠢ᠄ ᠸᠠᠩ ᠰᠢᠥᠸᠠᠢ ᠳ᠋ᠦᠩ 
ᠢᠷᠡᠯᠲᠡ᠄ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠭᠠᠵᠠᠷ