ᠡᠨᠡ ᠵᠢᠯ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ ᠤᠬᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠣᠨᠣᠯ ᠤᠨ | ᠰᠤᠷᠤᠯᠴᠠᠯᠭ᠎ᠠ ᠶᠢ ᠭᠦᠨᠵᠡᠭᠡᠶᠢᠷᠡᠭᠦᠯᠬᠦ᠂ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠪᠣᠳᠠᠲᠠᠢ ᠲᠥᠷᠥᠭᠳᠡᠯ ᠲᠠᠢ ᠪᠦᠳᠦᠮᠵᠢ ᠲᠠᠢ | ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠦ ᠪᠤᠢ᠃ | ᠨᠢᠭᠡ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠦᠭᠡᠮᠡᠯᠵᠢᠯᠡᠯᠳᠡ ᠶᠢᠨ ᠨᠤᠷᠮ᠎ᠠ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ | ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠣᠷᠴᠢᠨ ᠨᠥᠭᠦᠴᠡᠯ ᠢ ᠪᠤᠢ ᠪᠤᠯᠭᠠᠪᠠ᠃ ᠰᠡᠳᠬᠦᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯ ᠢ ᠰᠢᠨ᠎ᠡ ᠡᠭᠦᠳᠦᠯᠲᠡ ᠲᠠᠢ ᠪᠠᠷ ᠥᠷᠨᠢᠭᠦᠯᠵᠦ᠂ ︽ᠪᠠᠭᠪᠠᠭᠠᠢ ᠴᠡᠴᠡᠭ︾ ᠤᠨ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭᠲᠦ ᠶᠢ ᠨᠠᠷᠢᠨ | ᠨᠢᠮᠪᠠᠢ ᠪᠣᠶᠢᠵᠢᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠦᠷ᠎ᠡ ᠶᠢ ᠦᠨᠳᠦᠰᠦᠨ ᠱᠠᠲᠤᠨ ᠤ ᠥᠨᠴᠥᠭ ᠪᠤᠯᠤᠩ ᠪᠣᠯᠭᠠᠨ ᠳᠤ ᠰᠠᠴᠤᠵᠤ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠰᠦᠷᠯᠢᠭ ᠰᠠᠶᠢᠬᠠᠨ ᠵᠢᠷᠤᠭᠯᠠᠯ ᠢ ᠬᠠᠮᠲᠤ ᠪᠠᠷ ᠵᠢᠷᠤᠭᠯᠠᠪᠠ᠃ | ᠬᠤᠶᠠᠷ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠ ᠦᠢᠯᠡᠳᠦᠯᠭᠡ ᠶᠢᠨ ᠭᠡᠷᠡᠭᠯᠡᠭᠡ ᠶᠢ ᠴᠢᠩᠭᠠᠳᠬᠠᠬᠤ ᠪᠠᠷ ᠰᠠᠭᠤᠷᠢ ᠪᠣᠯᠭᠠᠵᠤ᠂ ᠵᠠᠯᠠᠭᠤ ᠺᠠᠳ᠋ᠷ ᠤᠨ | ᠦᠰᠦᠨ ᠪᠤᠶᠢᠵᠢᠯᠲᠠ ᠳᠤ ᠬᠦᠴᠦᠨ ᠨᠡᠮᠡᠷᠢᠯᠡᠪᠡ᠃ ᠰᠡᠳᠬᠦᠯ ᠤᠨ ᠬᠤᠷᠢᠶ᠎ᠠ ᠶᠢᠨ ᠨᠠᠮ ᠤᠨ ᠡᠭᠦᠷ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢᠨ | ᠳᠦᠷᠢᠮ ᠢ ᠴᠢᠩᠭ᠎ᠠ ᠬᠡᠷᠡᠭᠵᠢᠭᠦᠯᠵᠦ᠂ ᠵᠠᠯᠠᠭᠤ ᠺᠠᠳ᠋ᠷ ᠤᠨ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠬᠤ ᠶᠢ ᠬᠦᠳᠦᠯᠦᠨ ᠵᠢᠯᠤᠭᠤᠳᠴᠦ᠂ | ᠤᠨᠤᠯ ᠢᠶᠠᠷ ᠤᠶᠤᠨ ᠰᠠᠨᠠᠭ᠎ᠠ ᠪᠠᠨ ᠵᠡᠪᠰᠡᠭᠯᠡᠬᠦ ᠪᠠᠷ ᠪᠠᠷᠠᠬᠤ ᠦᠭᠡᠢ᠂ ᠨᠡᠩ ᠴᠤ ᠦᠢᠯᠡᠳᠦᠯᠭᠡ ᠶᠢᠨ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠱᠠᠭᠠᠷᠳᠠᠪᠠ᠃ | ᠬᠤᠷᠢᠶᠠᠨ ᠤ ᠳᠠᠷᠤᠭ᠎ᠠ ᠶᠢᠨ ᠠᠯᠪᠠᠯᠠᠬᠤ ᠵᠢᠴᠢ ᠤᠨᠤᠯ ᠰᠤᠷᠤᠯᠴᠠᠬᠤ ︵ᠥᠷᠭᠡᠳᠬᠡᠭᠰᠡᠨ︶ ᠬᠤᠷᠠᠯ ᠵᠡᠷᠭᠡ ᠳᠦᠷᠢᠮᠵᠢᠭᠰᠡᠨ᠂ ᠵᠢᠷᠤᠮᠵᠢᠭᠰᠠᠨ ᠰᠤᠷᠤᠯᠴᠠᠯᠭ᠎ᠠ ᠶᠢᠨ | ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠰᠤᠷᠤᠯᠴᠠᠯᠭ᠎ᠠ ᠶᠢᠨ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠯᠠᠭᠤ ᠺᠠᠳ᠋ᠷ ᠤᠨ ᠰᠤᠷᠤᠭᠰᠠᠨ ᠢᠶᠠᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠲᠡᠳᠡᠨ ᠤ ᠤᠨᠤᠯ ᠤᠨ ᠭᠡᠪ ᠪᠣᠯᠪᠠᠰᠤᠷᠠᠯ ᠪᠠ | ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠤᠯᠭᠠᠭᠤᠷᠢ ᠬᠦᠴᠦᠨ ᠪᠣᠯᠬᠤ ᠶᠢ | ᠪᠠᠲᠤᠯᠠᠪᠠ᠃ | ᠭᠤᠷᠪᠠ᠂ ᠰᠣᠶᠣᠯ ᠤᠨ ᠠᠵᠢᠯᠯᠠᠭ᠎ᠠ ᠪᠠᠷ ᠬᠥᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠠᠭᠤᠰᠤᠯᠴᠠᠭᠠ ᠶᠢ ᠠᠬᠢᠭᠤᠯᠪᠠ᠃ | ᠰᠡᠳᠬᠦᠯ ᠤᠨ ᠬᠤᠷᠢᠶ᠎ᠠ ᠶᠢᠨ ᠬᠢᠨ ᠤᠳᠠᠭᠠᠨ ᠲᠠᠭᠠᠮᠠᠭᠠᠢ ᠪᠠᠷ ᠪᠠᠷᠢᠮᠲᠠᠯᠠᠬᠤ᠂ ᠤᠷᠲᠤ ᠬᠤᠭᠤᠴᠠᠭ᠎ᠠ ᠪᠠᠷ ᠴᠢᠷᠮᠠᠶᠢᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠯ᠎ᠡ | ᠲᠥᠷᠥᠯ ᠤᠨ ᠰᠣᠶᠣᠯ ᠤᠨ ᠲᠠᠶᠢᠯᠤᠮᠵᠢ᠂ ᠶᠠᠷᠢᠯᠴᠠᠬᠤ ᠬᠤᠷᠠᠯ ᠵᠡᠷᠭᠡ ᠶᠢ ᠢᠳᠡᠪᠬᠢᠲᠡᠢ ᠪᠠᠷ ᠤᠬᠠᠭᠠᠯᠠᠨ ᠲᠥᠯᠥᠪᠯᠡᠵᠦ᠂ ᠰᠣᠶᠣᠯ ᠢᠶᠠᠷ ᠬᠥᠭᠦᠷᠭᠡ ᠪᠣᠯᠭᠠᠵᠤ᠂ ᠡᠯ᠎ᠡ | ᠦᠨᠳᠦᠰᠦᠲᠡᠨ ᠤ ᠬᠤᠭᠤᠷᠣᠨᠳᠣᠬᠢ ᠭᠦᠨᠵᠡᠭᠡᠢ ᠰᠣᠯᠢᠯᠴᠠᠭ᠎ᠠ ᠪᠠ ᠠᠠᠭᠤᠰᠤᠯᠴᠠᠭᠠ ᠵᠢᠨᠪᠠᠲᠤ ᠪᠠᠬᠢ ᠲᠠᠪᠴᠠᠩ ᠢ ᠪᠠᠶᠢᠭᠤᠯᠵᠤ᠂ ᠡᠯ᠎ᠡ ᠦᠨᠳᠦᠰᠦᠲᠡᠨ ᠤ | ᠵᠣᠬᠢᠶᠠᠭᠴᠢᠳ ᠤᠨ ᠬᠤᠭᠤᠷᠣᠨᠳᠣᠬᠢ ᠦᠵᠡᠯ ᠰᠠᠨᠠᠭᠠᠨ ᠤ ᠪᠠ ᠣᠶᠤᠨ ᠤᠬᠠᠭᠠᠨ ᠤ ᠠᠭᠤᠰᠤᠯᠴᠠᠭ᠎ᠠ ᠶᠢ ᠶᠡᠭᠡ ᠪᠠᠷ ᠠᠬᠢᠭᠤᠯᠤᠭᠰᠠᠨ ᠢᠶᠠᠷ ᠪᠠᠷᠠᠬᠤ ᠦᠭᠡᠢ᠂ | ᠦᠨᠳᠦᠰᠦᠲᠡᠨ ᠨᠦᠭᠦᠳ ᠤᠨ ᠵᠠᠯᠠᠭᠤ ᠡᠷᠳᠡᠮᠲᠡᠳ ᠤᠨ ᠬᠦᠮᠦᠵᠢᠨ ᠳᠠᠪᠰᠢᠬᠤ ᠶᠢ ᠲᠡᠳᠬᠦᠨ ᠳᠡᠮᠵᠢᠬᠦ ᠳᠤ ᠬᠦᠴᠦ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ | ᠰᠣᠶᠣᠯ ᠤᠨ ᠴᠡᠴᠡᠭᠯᠡᠯᠲᠡ ᠪᠠ ᠤᠯᠠᠮᠵᠢᠯᠠᠯ ᠳᠤ ᠰᠢᠨ᠎ᠡ ᠰᠣᠷᠭᠤᠭ ᠬᠦᠴᠦᠨ ᠨᠡᠮᠡᠷᠢᠯᠡᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠬᠤᠯᠪᠣᠭᠠᠰᠤ ᠪᠠ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠨᠠᠷ ᠤᠨ ᠦᠷ᠎ᠡ ᠮᠡᠲᠦ | ᠨᠢᠭᠲᠠ ᠬᠤᠯᠪᠣᠵᠤ᠂ ᠳᠡᠭᠡᠳᠦ ᠬᠡᠮᠵᠢᠶᠡᠨ ᠤ ᠤᠯᠤᠰ ᠤᠨ ᠤᠬᠠᠮᠰᠠᠷ ᠪᠠ ᠦᠨᠳᠦᠰᠦᠲᠡᠨ ᠤ ᠰᠡᠳᠬᠢᠯᠭᠡ ᠶᠢ ᠢᠯᠡᠷᠡᠭᠦᠯᠪᠡ᠃ | ᠳᠥᠷᠪᠡ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠤᠭᠤᠳᠬᠤ ᠪᠠᠷ ᠱᠠᠭᠠᠷᠳᠠᠯᠭ᠎ᠠ ᠪᠣᠯᠭᠠᠵᠤ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠪᠡ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠱᠠᠭᠠᠷᠳᠠᠯᠭ᠎ᠠ ᠪᠠ ᠰᠢᠨ᠎ᠡ | ᠥᠷᠢᠰᠦᠯᠳᠦᠭᠡᠨ ᠤ ᠡᠮᠦᠨ᠎ᠡ᠂ ᠰᠡᠳᠬᠦᠯ ᠤᠨ ᠬᠤᠷᠢᠶ᠎ᠠ ᠰᠡᠳᠦᠪ ᠰᠣᠩᠭᠤᠬᠤ ᠤᠬᠠᠭᠠᠯᠠᠬᠤ ᠬᠤᠷᠠᠯ ᠬᠢᠬᠦ ᠵᠡᠷᠭᠡ ᠬᠡᠯᠪᠡᠷᠢ ᠪᠠᠷ ᠲᠠᠮᠵᠢᠭᠤᠯᠵᠦ᠂ ︽ᠥᠪᠥᠷ ᠮᠣᠩᠭᠤᠯ ᠤᠨ | ᠦᠨᠳᠦᠰᠦᠲᠡᠨ ᠤ ᠠᠵᠢᠯ︾ ᠳᠣᠲᠣᠭᠠᠳᠤ ᠮᠠᠲ᠋ᠧᠷᠢᠶᠠᠯ ᠤᠨ ᠴᠢᠨᠠᠷᠲᠠᠢ ᠬᠡᠪᠯᠡᠭᠳᠡᠬᠦᠨ ᠤ ᠴᠢᠬᠤᠯᠠ ᠰᠡᠳᠦᠪ ᠢ ᠨᠠᠷᠢᠨ ᠨᠢᠮᠪᠠᠢ ᠲᠥᠯᠥᠪᠯᠡᠵᠦ᠂ ᠵᠥᠪᠯᠡᠯ ᠤᠨ | ᠤᠳᠤᠷᠢᠳᠤᠯᠭ᠎ᠠ ᠵᠢᠴᠢ ᠲᠤᠰᠬᠠᠢ ᠪᠤᠯᠤᠩ ᠤᠨ ᠨᠠᠶᠢᠷᠠᠭᠤᠯᠤᠭᠴᠢ ᠶᠢ ᠤᠷᠢᠵᠤ ᠬᠠᠮᠲᠤ ᠪᠠᠷ ᠰᠤᠳᠤᠯᠤᠨ ᠶᠠᠷᠢᠯᠴᠠᠬᠤ ᠳᠤ ᠤᠷᠤᠯᠴᠠᠭᠤᠯᠵᠦ᠂ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠰᠢᠬᠦ ᠶᠢᠨ ᠬᠠᠮᠲᠤ ᠪᠦᠬᠦ ᠲᠠᠯ᠎ᠠ ᠪᠠᠷ | ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ | ᠤᠯᠤᠰ ᠤᠨ ᠣᠨᠴᠠᠯᠢᠭ ᠲᠠᠢ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠪᠡ᠃ | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ | | | |