ᠤᠯᠠᠭᠠᠨᠴᠠᠪ ᠬᠤᠲᠠ ᠶᠢᠨ ᠹᠧᠩᠵᠧᠨ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠲᠦᠯᠦᠬᠡᠯᠡᠭᠴᠢᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯᠯᠠᠭ᠎ᠠ ᠳᠤ ᠣᠷᠤᠯᠴᠠᠪᠠ
ᠨᠡᠶᠢᠲᠡᠯᠡᠭᠰᠡᠨ ᠴᠠᠭ᠄
2024/9/3
      ᠣᠶᠢᠷ᠎ᠠ ᠳᠤ ᠤᠯᠠᠭᠠᠨᠴᠠᠪ ᠬᠤᠲᠠ ᠶᠢᠨ ᠹᠧᠩᠵᠧᠨ ᠬᠤᠲᠠ ᠶᠢᠨ ᠦᠨᠳᠦᠰᠦᠳᠡᠨ ᠤ ᠵᠥᠪᠯᠡᠯ ᠴᠥᠭᠡᠨ ᠲᠣᠭᠠᠲᠤ ᠦᠨᠳᠦᠰᠦᠲᠡᠨ ᠤ ᠲᠦᠯᠦᠬᠡᠯᠡᠭᠴᠢᠳ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠬᠠᠭᠤᠯᠤᠨ ᠲᠠᠶᠢᠯᠪᠤᠷᠢᠯᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ᠲᠥᠬᠦᠮ ᠣᠶᠢᠯᠠᠭᠠᠮᠵᠢᠲᠠᠶ᠂ ᠠᠮᠢᠳᠤᠯᠢᠭ  ᠳᠥᠷᠰᠦᠯᠢᠭ ᠦᠭᠡ ᠬᠡᠯᠡ ᠪᠠᠷ ᠥᠪᠡᠷ ᠤᠨ ᠠᠵᠢᠯ ᠤᠨ ᠪᠠᠶᠢᠷᠢ ᠪᠠ ᠳᠡᠷᠭᠡᠳᠡᠬᠢ ᠥᠯᠢᠭᠡᠷ ᠳᠠᠭᠤᠷᠢᠶᠠᠯ ᠳᠤ ᠰᠠᠭᠤᠷᠢᠯᠠᠵᠤ᠂ ᠲᠡᠷᠢᠭᠦᠨ ᠤ ᠶᠠᠪᠤᠳᠠᠯ᠂ ᠨᠡᠶᠢᠲᠡᠯᠢᠭ ᠬᠥᠮᠥᠰ ᠢᠶᠠᠷ ᠵᠢᠱᠢᠶᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠤᠯᠵᠢᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠵᠢᠷᠦᠬᠡᠨ ᠳᠤ ᠬᠦᠨ᠎ᠠ ᠦᠨᠳᠦᠰᠦᠯᠡᠬᠦᠯᠪᠠ᠃       ᠲᠣᠰ ᠤᠳᠠᠭᠠᠨ ᠤ ᠤᠬᠠᠭᠤᠯᠭ᠎ᠠ ᠲᠠᠶᠢᠯᠪᠤᠷᠢᠯᠠᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠᠳᠤ ᠤᠯᠤᠰ ᠤᠨ ᠥᠯᠢᠭᠡᠷ᠂ ᠥᠪᠥᠷ ᠮᠣᠩᠭᠤᠯ ᠤᠨ ᠥᠯᠢᠭᠡᠷ᠂ ᠹᠧᠩᠵᠧᠨ ᠤ ᠥᠯᠢᠭᠡᠷ ᠢ ᠪᠤᠲᠠᠲᠠᠢ ᠲᠦᠷᠦᠭᠳᠡᠯ ᠲᠠᠢ ᠪᠥᠲᠥᠮᠵᠢ ᠲᠠᠢ ᠶᠠᠷᠢᠬᠤ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠠᠮᠢᠳᠤᠯᠢᠭ ᠲᠡᠦᠬᠡᠨ ᠪᠣᠳᠠᠲᠤ ᠪᠠᠶᠢᠳᠠᠯ ᠢ ᠭᠦᠨᠵᠡᠭᠡᠶ ᠠᠭᠤᠳᠠᠯᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠤᠨ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠢᠲᠡᠭᠡᠯ ᠵᠣᠷᠢᠭ ᠢ ᠪᠠᠲᠤᠳᠬᠠᠵᠤ᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠪᠠ᠃       ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ       ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ 
ᠢᠷᠡᠯᠲᠡ᠄ ᠤᠯᠠᠭᠠᠨᠴᠠᠪ ᠬᠤᠲᠠ ᠶᠢᠨ ᠦᠨᠳᠦᠰᠦᠲᠡᠨ ᠤ ᠵᠥᠪᠯᠡᠯ