︽ᠠᠨᠠᠷ ᠤᠨ ᠬᠡᠯᠬᠢᠶ᠎ᠡ ᠪᠠᠷ ᠦᠨᠳᠦᠰᠦᠲᠡᠨ ᠤ ᠪᠦᠯᠬᠦᠮᠳᠡᠯ ᠤᠨ ᠲᠣᠤᠷ ᠢ ᠨᠢᠭᠲᠠ ᠰᠦᠯᠵᠢᠬᠦ︾ ᠬᠤᠯᠪᠣᠭᠠᠯᠠᠨ ᠰᠤᠷᠤᠯᠴᠠᠵᠤ ᠬᠠᠮᠲᠤᠷᠠᠨ ᠪᠠᠶᠢᠭᠤᠯᠬᠤ ᠨᠠᠮ ᠤᠨ ᠡᠭᠦᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠶᠯᠡᠳᠦᠯᠭᠡ ᠬᠥᠮᠦᠵᠢᠯ ᠢ ᠭᠦᠨᠵᠡᠭᠡᠶᠢᠷᠡᠭᠦᠯᠬᠦ ᠠᠵᠢᠯᠯᠠᠭ᠎ᠠ ︵ᠬᠤᠶᠠᠷ︶
ᠨᠡᠶᠢᠲᠡᠯᠡᠭᠰᠡᠨ ᠴᠠᠭ᠄
2024/9/30
      9 ᠳ᠋ᠦ᠋ᠭᠡᠷ ᠰᠠᠷ᠎ᠠ ᠪᠣᠯ ᠪᠥᠬᠦ ᠣᠷᠣᠨ ᠤ 41ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠪᠤᠲᠠᠲᠠᠢ ᠲᠥᠷᠥᠭᠳᠡᠯ ᠲᠠᠢ ᠪᠥᠲᠥᠮᠵᠢ ᠲᠠᠢ ᠨᠠᠷᠢᠯᠢᠭ ᠪᠤᠲᠠᠲᠠᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ  ᠵᠥᠪᠯᠡᠯ  ᠤᠨ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ  ᠤᠨ ᠲᠢᠩᠬᠢᠮ᠂ ᠦᠪᠡᠷᠲᠡᠭᠡᠨ ᠵᠠᠰᠠᠬᠤ ᠣᠷᠤᠨ ᠤ ᠬᠡᠮᠵᠢᠨ  ᠵᠢᠷᠤᠭᠯᠠᠯᠲᠠ ᠭᠠᠵᠠᠷ ᠵᠦᠶ ᠶᠢᠨ ᠮᠡᠳᠡᠭᠡ ᠵᠠᠩᠭᠢ ᠶᠢᠨ ᠲᠥᠪ᠂ ᠥᠪᠥᠷ ᠮᠣᠩᠭᠤᠯ ᠤᠨ ᠡᠳᠦᠷ ᠤᠨ ᠰᠣᠨᠢᠨ  ᠤ ᠬᠤᠷᠢᠶ᠎ᠠ ᠶᠢᠨ ᠲᠠᠯ᠎ᠠ ᠨᠤᠲᠤᠭ ᠤᠨ ᠡᠭᠦᠯᠡᠨᠴᠢᠷ ᠪᠥᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠯᠣᠭᠤᠳᠬᠤ ᠲᠥᠪ ᠵᠢᠴᠢ ᠥᠪᠥᠷ ᠮᠣᠩᠭᠤᠯ ᠤᠨ ᠵᠢᠷᠤᠭᠲᠤ ᠰᠡᠳᠬᠦᠯ ᠤᠨ ᠬᠤᠷᠢᠶ᠎ᠠ ᠵᠡᠷᠭᠡ ᠪᠠᠷ ᠪᠦᠷᠢᠯᠳᠦᠭᠰᠡᠨ ︽ᠠᠨᠠᠷ ᠤᠨ ᠬᠡᠯᠬᠢᠶ᠎ᠡ ᠪᠠᠷ ᠦᠨᠳᠦᠰᠦᠲᠡᠨ ᠤ ᠪᠦᠯᠬᠦᠮᠳᠡᠯ ᠤᠨ ᠲᠣᠤᠷ ᠢ ᠨᠢᠭᠲᠠ ᠰᠦᠯᠵᠢᠬᠦ︾ ᠬᠤᠯᠪᠤᠭᠠᠯᠠᠨ ᠰᠤᠷᠤᠯᠴᠠᠵᠤ ᠬᠠᠮᠲᠤᠷᠠᠨ ᠪᠠᠶᠢᠭᠤᠯᠬᠤ ᠨᠠᠮ ᠤᠨ ᠡᠭᠦᠷ ᠤᠨ ᠬᠢᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠶᠠᠷᠢᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠴᠣᠭᠴᠠᠯᠠᠬᠤ︾ ᠭᠤᠤᠯ ᠰᠡᠳᠦᠪᠲᠦ ᠦᠶᠯᠡᠳᠦᠯᠭᠡ ᠬᠥᠮᠦᠵᠢᠯ ᠤᠨ ᠠᠵᠢᠯᠯᠠᠭ᠎ᠠ ᠶᠢ ᠦᠷᠨᠢᠭᠦᠯᠪᠡ᠃
1.jpg
      ᠠᠵᠢᠯᠯᠠᠭ᠎ᠠ ᠨᠢ ᠵᠠᠷ ᠮᠡᠳᠡᠭᠳᠡᠯ ᠤᠨ ᠤᠬᠠᠭᠤᠯᠭ᠎ᠠ ᠦᠵᠡᠭᠦᠯᠭᠡ ᠡᠷᠬᠢᠯᠡᠬᠦ᠂ ᠲᠤᠰᠬᠠᠶ ᠮᠡᠷᠭᠡᠵᠢᠯᠲᠡᠨ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ︾ ᠰᠡᠳᠦᠪ ᠢᠶᠠᠷ ᠲᠠᠶᠢᠯᠤᠮᠵᠢ ᠬᠢᠯᠭᠡᠬᠦ᠂ ᠰᠡᠳᠦᠪ ᠬᠠᠷᠢᠭᠤᠯᠬᠤ ᠵᠡᠷᠭᠡ ᠣᠯᠠᠨ ᠵᠦᠶᠯ ᠤᠨ ᠬᠡᠯᠪᠡᠷᠢ ᠪᠠᠷ ᠶᠠᠪᠤᠭᠳᠠᠪᠠ᠃ ᠬᠤᠯᠪᠤᠭᠠᠯᠠᠨ ᠰᠤᠷᠤᠯᠴᠠᠵᠤ ᠬᠠᠮᠲᠤᠷᠠᠨ ᠪᠠᠶᠢᠭᠤᠯᠬᠤ ᠨᠠᠮ ᠤᠨ ᠡᠭᠦᠷ ᠵᠢᠴᠢ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠣᠷᠣᠭᠴᠢ ᠨᠡᠶᠢᠲᠡ 1500 ᠭᠠᠷᠤᠶ ᠬᠥᠮᠦᠨ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠯᠲᠠ ᠭᠠᠵᠠᠷ ᠵᠦᠶ ᠶᠢᠨ ᠮᠡᠳᠡᠭᠡ ᠵᠠᠩᠭᠢ ᠶᠢᠨ ᠲᠥᠪ ᠠᠴᠠ ᠰᠤᠷᠤᠭᠴᠢᠳ ᠲᠤ ᠥᠪᠥᠷ ᠮᠣᠩᠭᠤᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠲᠠᠷᠬᠠᠭᠠᠵᠤ᠂ ᠭᠠᠵᠠᠷ ᠤᠨ ᠵᠢᠷᠤᠭ ᠢ ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ᠂ ᠳᠡᠭᠡᠳᠦ ᠵᠡᠷᠭᠡ ᠶᠢᠨ ᠢᠨᠵᠧᠨᠧᠷ ᠯᠢ ᠵᠢᠶ ᠠᠴᠠ ᠮᠠᠨ ᠤ ᠤᠯᠤᠰ ᠤᠨ ᠭᠠᠵᠠᠷ ᠵᠦᠶ ᠶᠢᠨ ᠪᠠᠶᠢᠷᠢᠰᠢᠯᠡᠯ᠂ ᠬᠢᠯᠢ ᠬᠢᠵᠠᠭᠠᠷ ᠣᠷᠣᠨ ᠤ ᠲᠠᠯᠠᠪᠠᠶ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠵᠡᠷᠭᠡ ᠭᠠᠵᠠᠷ ᠵᠦᠶ ᠶᠢᠨ ᠮᠡᠳᠡᠯᠭᠡ ᠵᠢᠴᠢ ᠭᠠᠵᠠᠷ ᠤᠨ ᠵᠢᠷᠤᠭ ᠢ ᠬᠡᠷᠬᠢᠨ ᠵᠥᠪ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠤᠨ ᠲᠣᠭᠤᠷᠢᠨ ᠳᠤ  ᠠᠰᠠᠭᠤᠳᠠᠯ ᠲᠠᠢ ᠭᠠᠵᠠᠷ ᠤᠨ ᠵᠢᠷᠤᠭ ᠢ ᠢᠯᠭᠠᠨ ᠲᠠᠨᠢᠬᠤ᠂ ᠪᠠᠷᠢᠮᠵᠢᠶᠠᠲᠤ ᠭᠠᠵᠠᠷ ᠤᠨ ᠵᠢᠷᠤᠭ ᠢ ᠵᠥᠪ ᠬᠡᠷᠡᠭᠯᠡᠬᠦ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ᠃ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠰᠤᠷᠤᠭᠴᠢᠳ ᠢᠳᠡᠪᠬᠢᠲᠡᠢ ᠰᠡᠳᠬᠢᠨ ᠪᠣᠳᠣᠯᠬᠢᠯᠠᠵᠤ᠂ ᠬᠥᠷ ᠬᠦᠩᠵᠢᠶᠡᠨᠲᠡᠢ ᠪᠠᠷ ᠢᠳᠡᠪᠬᠢᠲᠡᠢ ᠣᠷᠣᠯᠴᠠᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠭᠤᠶᠢᠳᠠ ᠰᠠᠶᠢᠬᠠᠨ ︽ᠡᠯᠢᠭᠡ ᠨᠢᠭᠡᠲᠡᠨ ᠶᠠᠷᠢᠶᠠᠨ ᠤ ᠲᠠᠩᠬᠢᠮ︾ ᠢ ᠬᠠᠮᠲᠤ ᠪᠠᠷ ᠪᠣᠢ ᠪᠣᠯᠭᠠᠪᠠ᠃       ᠲᠤᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠣᠯᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠳᠤ ᠠᠭᠤᠰᠤᠯᠴᠠᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠣᠳᠠᠲᠠᠢ ᠲᠥᠷᠥᠭᠳᠡᠯ ᠲᠠᠢ ᠪᠥᠲᠥᠮᠵᠢ  ᠲᠠᠢ ᠨᠠᠶᠢᠳᠠᠪᠤᠷᠢᠵᠢᠭᠤᠯᠤᠭᠰᠠᠨ ᠰᠢᠨ᠎ᠡ ᠡᠭᠦᠳᠦᠯᠲᠡ ᠲᠠᠢ ᠦᠢᠯᠡᠳᠦᠯᠭᠡ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠵᠤ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢᠨ ︽ᠳᠥᠷᠪᠡᠨ ᠬᠠᠮᠲᠤ ᠪᠠᠷ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠤᠯᠵᠢᠬᠤᠨ ᠤ ︽ᠳᠥᠷᠪᠡᠨ ᠬᠠᠮᠲᠤᠳᠬᠠᠬᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ︽ᠲᠠᠪᠤᠨ ᠮᠡᠳᠡᠷᠡᠬᠦᠢ︾ ᠵᠡᠷᠭᠡ ᠶᠢ ᠨᠠᠩ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠪᠠ᠃       ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠤᠭᠠᠯᠠᠨ ᠰᠤᠷᠤᠯᠴᠠᠵᠤ ᠬᠠᠮᠲᠤᠷᠠᠨ ᠪᠠᠶᠢᠭᠤᠯᠬᠤ ᠠᠵᠢᠯᠯᠠᠭ᠎ᠠ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠵᠢᠴᠢ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾᠂ ︽ᠪᠥᠬᠦ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ︽ᠠᠨᠠᠷ ᠤᠨ ᠬᠡᠯᠬᠢᠶ᠎ᠡ ᠪᠠᠷ ᠦᠨᠳᠦᠰᠦᠲᠡᠨ ᠤ ᠪᠦᠯᠬᠦᠮᠳᠡᠯ ᠤᠨ ᠲᠣᠤᠷ ᠢ ᠨᠢᠭᠲᠠ ᠰᠦᠯᠵᠢᠬᠦ︾ ᠬᠤᠯᠪᠤᠭᠠᠯᠠᠨ ᠰᠤᠷᠤᠯᠴᠠᠵᠤ ᠬᠠᠮᠲᠤᠷᠠᠨ ᠪᠠᠶᠢᠭᠤᠯᠬᠤ ᠨᠢᠭᠡᠴᠢ ᠶᠢ ᠵᠣᠬᠢᠶᠠᠨ ᠪᠠᠶᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠳᠤ ᠠᠩᠬᠠᠷᠤᠯ ᠢᠶᠠᠨ  ᠲᠥᠪᠯᠡᠷᠡᠭᠦᠯᠵᠦ᠂ ᠪᠠᠶᠠᠯᠢᠭ ᠰᠠᠶᠢᠬᠠᠨ ᠠᠵᠢᠯᠯᠠᠭ᠎ᠠ ᠦᠷᠨᠢᠭᠦᠯᠵᠦ᠂ ᠤᠶᠤᠲᠠᠳ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠳᠦᠯᠭᠡᠵᠢᠭᠦᠯᠦᠭᠴᠢ᠂ ᠠᠬᠢᠭᠤᠯᠤᠭᠴᠢ᠂ ᠰᠠᠬᠢᠨ ᠬᠠᠮᠠᠭᠠᠯᠠᠭᠴᠢ ᠪᠣᠯᠵᠤ᠂ ᠳᠤᠮᠳᠠᠳᠤ ᠶᠢᠨ ᠬᠦᠰᠡᠯ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠲᠦᠯᠦᠨ ᠵᠢᠯᠤᠭᠤᠳᠪᠠ᠃        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ
ᠢᠷᠡᠯᠲᠡ᠄ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠣᠳᠣᠯᠣᠯ ᠬᠡᠷᠡᠭᠯᠡᠭᠡᠨ ᠤ ᠲᠥᠪ