ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠦᠨᠳᠦᠰᠦᠨ ᠱᠠᠲᠤᠨ ᠤ ᠨᠠᠮ ᠤᠨ ᠡᠭᠦᠷ ᠨᠢ ︽ᠦᠨᠳᠦᠰᠦᠲᠡᠨ ᠨᠦᠭᠦᠳ ᠪᠥᠯᠬᠦᠮᠳᠡᠵᠡᠭᠡᠵᠦ ᠨᠢᠭᠡ ᠭᠡᠷ ᠪᠥᠯᠢ ᠶᠢᠨ ᠬᠢᠨ ᠮᠡᠲᠦ ᠳᠣᠲᠤᠨᠤ᠂ ᠬᠥᠷᠰᠢ ᠰᠠᠬᠠᠭᠠᠯᠳᠠ ᠡᠶ᠎ᠡ ᠵᠣᠬᠢᠴᠠᠩᠭᠤᠢ ᠪᠠᠷ ᠨᠠᠢᠮᠠᠨ ᠰᠠᠷ᠎ᠠ ᠶᠢᠨ ᠲᠡᠷᠭᠡᠯ ᠰᠠᠷᠠ ᠶᠢᠨ ᠪᠠᠶᠠᠷ ᠢ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2024/9/30
      ᠡᠨᠡ ᠵᠢᠯ ᠤᠨ 9 ᠳ᠋ᠦ᠋ᠭᠡᠷ ᠰᠠᠷ᠎ᠠ ᠪᠣᠯ ᠪᠦᠬᠦ ᠣᠷᠣᠨ ᠤ 41 ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠣᠨ᠎ᠠ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠦ᠂ ᠦᠨᠳᠦᠰᠦᠲᠡᠨ ᠨᠦᠭᠦᠳ ᠪᠦᠯᠬᠦᠮᠳᠡᠵᠡᠭᠡᠵᠦ ᠨᠢᠭᠡ ᠭᠡᠷ ᠪᠥᠯᠢ ᠶᠢᠨ ᠬᠢᠨ ᠮᠡᠲᠦ ᠳᠣᠲᠤᠨᠤ ᠪᠠᠶᠢᠬᠤ ᠠᠬᠤᠢ ᠨᠥᠭᠦᠴᠡᠯ ᠢ ᠢᠳᠡᠪᠬᠢᠲᠡᠢ ᠪᠠᠷ ᠪᠤᠶ ᠪᠣᠯᠭᠠᠵᠤ᠂ ᠪᠤᠳᠠᠳᠠᠢ ᠲᠥᠷᠥᠭᠳᠡᠯ ᠲᠠᠢ ᠪᠦᠳᠦᠮᠵᠢ ᠲᠠᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠦᠨᠳᠦᠰᠦᠨ ᠱᠠᠲᠤᠨ ᠤ ᠨᠠᠮ ᠤᠨ ᠡᠭᠦᠷ ᠨᠢ ᠬᠥᠬᠡᠬᠤᠲᠠ ᠶᠢᠨ ᠰᠢᠯᠢ ᠶᠢᠨ ᠭᠤᠣᠯ ᠬᠤᠶᠢᠲᠤ ᠵᠠᠮ ᠤᠨ ᠰᠢᠨᠬᠤᠸᠠ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠷᠪᠠᠳᠤᠭᠠᠷ ᠠᠷᠤ ᠲᠠᠯ᠎ᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠶᠡᠷᠦᠩᠬᠡᠢ ᠡᠭᠦᠷ ᠲᠠᠢ ᠬᠠᠮᠳᠤᠷᠠᠵᠦ᠂ ᠵᠧᠩ ᠶᠤᠸᠠᠨ ᠬᠤᠷᠢᠶᠠᠯᠠᠯ ᠳᠤ ︽ᠦᠨᠳᠦᠰᠦᠲᠡᠨ ᠨᠦᠭᠦᠳ ᠪᠥᠯᠬᠦᠮᠳᠡᠵᠡᠭᠡᠵᠦ ᠨᠢᠭᠡ ᠭᠡᠷ ᠪᠥᠯᠢ ᠶᠢᠨ ᠬᠢᠨ ᠮᠡᠲᠦ ᠳᠣᠲᠤᠨᠤ᠂ ᠬᠥᠷᠰᠢ ᠰᠠᠬᠠᠭᠠᠯᠳᠠ ᠡᠶ᠎ᠡ ᠵᠣᠬᠢᠴᠠᠩᠭᠤᠢ ᠪᠠᠷ ᠨᠠᠢᠮᠠᠨ ᠰᠠᠷ᠎ᠠ ᠶᠢᠨ ᠲᠡᠷᠭᠡᠯ ᠰᠠᠷᠠ ᠶᠢᠨ ᠪᠠᠶᠠᠷ ᠢ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠢ ᠤᠷᠢᠵᠤ ᠨᠠᠢᠮᠠᠨ ᠰᠠᠷ᠎ᠠ ᠶᠢᠨ ᠲᠡᠷᠭᠡᠯ ᠰᠠᠷᠠ ᠶᠢᠨ ᠪᠠᠶᠠᠷ ᠢ ᠪᠡᠯᠭᠡᠯᠡᠵᠦ᠂ ᠬᠥᠷᠰᠢ ᠰᠠᠬᠠᠭᠠᠯᠳᠠ ᠶᠢᠨ ᠬᠠᠶᠢᠷ᠎ᠠ ᠰᠡᠳᠬᠢᠯᠭᠡ ᠶᠢ ᠬᠠᠮᠳᠤ ᠪᠠᠷ ᠬᠦᠦᠷᠨᠢᠪᠡ᠃      ᠲᠤᠰ ᠠᠵᠢᠯᠯᠠᠭ᠎ᠠ ᠨᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠵᠠᠷ ᠮᠡᠳᠡᠭᠳᠡᠯ ᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ ᠬᠠᠷᠢᠭᠤᠯᠬᠤ ᠥᠭᠬᠦ ᠵᠡᠷᠭᠡ ᠬᠡᠯᠪᠡᠷᠢ ᠪᠠᠷ ᠲᠠᠮᠵᠢᠭᠤᠯᠵᠦ᠂ ᠦᠨᠳᠦᠰᠦᠲᠡᠨ ᠤ ᠤᠨᠤᠯ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ︽ᠭᠤᠷᠪᠠᠨ ᠰᠠᠯᠵᠤ ᠪᠣᠯᠤᠰᠢ ᠦᠭᠡᠢ︾᠂ ︽ᠳᠥᠷᠪᠡᠨ ᠬᠠᠮᠲᠤᠳᠬᠠᠬᠤ︾᠂ ︽ᠵᠢᠷᠭᠤᠭᠠᠨ ᠥᠭᠦᠯᠡᠮᠵᠢ ᠶᠢᠨ ᠪᠣᠳᠠᠲᠤ ᠶᠠᠪᠤᠳᠠᠯ ᠪᠠ ᠶᠣᠰᠣᠵᠥᠢ︾ ᠵᠡᠷᠭᠡ ᠠᠭᠤᠯᠭ᠎ᠠ ᠶᠢᠨ ᠲᠣᠭᠤᠷᠢᠨ ᠳᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃       ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠪᠦᠬᠦ ᠣᠷᠣᠨ ᠤ 41ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠠᠷ ᠲᠤᠬᠢᠶᠠᠯᠳᠤᠯ ᠪᠣᠯᠭᠠᠵᠤ᠂ ᠨᠠᠮ ᠤᠨ ᠭᠡᠰᠢᠭᠦᠨ ᠨᠥᠬᠦᠳ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ︽ᠳᠥᠷᠪᠡᠨ ᠬᠠᠮᠲᠤ ᠪᠠᠷ︾ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠪᠠ ︽ᠳᠥᠷᠪᠡ ᠬᠠᠮᠲᠤᠳᠬᠠᠬᠤ︾ ᠬᠠᠮᠲᠤ ᠶᠢᠨ ᠴᠣᠭᠴᠠ ᠶᠢᠨ ᠤᠨᠤᠯᠵᠢᠬᠤᠨ ᠢ ᠪᠠᠬᠢᠵᠢᠬᠦᠯᠵᠦ᠂ ᠴᠢᠩ ᠦᠨᠡᠨᠴᠢ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠶᠢ ᠬᠥᠲᠦᠯᠦᠨ ᠳᠠᠭᠠᠭᠤᠯᠪᠠ᠃
01.jpg
      ᠠᠵᠢᠯᠯᠠᠭ᠎ᠠ ᠶᠢᠨ ᠠᠬᠤᠢ ᠲᠠᠯᠠᠪᠠᠢ
02.jpg
      ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ 
03.jpg
      ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ
04.jpg
      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠤᠬᠠᠭᠤᠯᠭ᠎ᠠ ᠶᠢᠨ ᠬᠠᠴᠠᠪᠴᠢ ᠲᠠᠢ ᠰᠡᠬᠦᠳᠡᠷᠯᠡᠪᠡ        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ
ᠢᠷᠡᠯᠲᠡ᠄ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠣᠳᠣᠯᠣᠯ ᠬᠡᠷᠡᠭᠯᠡᠭᠡᠨ ᠤ ᠲᠥᠪ