ᠣᠶᠢᠷ᠎ᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢ ᠲᠣᠭᠲᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠪᠸᠢ ᠮᠤᠵᠢ ᠶᠢᠨ | ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠤᠸᠠᠩ ᠾᠦᠢ ᠶᠢᠨ ᠪᠠᠶᠢᠴᠠᠭᠠᠨ ᠰᠤᠳᠤᠯᠬᠤ | ᠳᠤᠭᠤᠶᠢᠯᠠᠩ ᠳᠠᠭᠠᠭᠤᠯᠤᠨ ᠮᠠᠨ ᠤ ᠣᠷᠣᠨ ᠤ ᠬᠥᠯᠥᠨ ᠪᠣᠶᠢᠷ ᠬᠤᠲᠠ ᠳᠤ ᠢᠷᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢᠵᠢᠯ ᠤᠨ | ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠰᠤᠷᠤᠯᠴᠠᠨ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠥᠷᠥ | ᠶᠢᠨ ᠪᠣᠳᠣᠯᠭ᠎ᠠ ᠬᠠᠤᠯᠢ ᠳᠥᠷᠢᠮ ᠤᠨ ᠭᠠᠵᠠᠷ ᠤᠨ ᠬᠠᠷᠢᠭᠤᠴᠠᠯᠭᠠᠲᠠᠨ᠂ ᠬᠥᠯᠥᠨ ᠪᠣᠶᠢᠷ ᠬᠤᠲᠠ ᠶᠢᠨ ᠦᠨᠳᠦᠰᠦᠲᠡᠨ ᠤ ᠵᠥᠪᠯᠡᠯ ᠤᠨ ᠬᠠᠮᠢᠶ᠎ᠠ ᠪᠥᠬᠦᠶ ᠨᠥᠬᠦᠳ | ᠪᠠᠷ᠎ᠠ ᠪᠣᠯᠵᠣ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠥᠯᠥᠨ ᠪᠣᠶᠢᠷ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠬᠥᠮᠦᠵᠢᠯ ᠤᠨ ᠰᠠᠭᠤᠷᠢᠨ ᠭᠠᠵᠠᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠤᠨ ᠵᠥᠷᠢᠴᠡᠯ ᠢ ᠵᠤᠬᠢᠴᠠᠭᠤᠯᠬᠤ ᠦᠶᠯᠡᠴᠢᠯᠡᠭᠡᠨ ᠤ ᠲᠥᠪ᠂ ᠬᠠᠭᠤᠴᠢᠨ ᠪᠠᠷᠭᠤ ᠬᠤᠰᠢᠭᠤᠨ ᠤ ᠵᠠᠯᠠᠭᠤᠴᠤᠳ ᠪᠠᠭᠠᠴᠤᠳ ᠤᠨ | ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠬᠦ᠂ ᠲᠠᠩᠰᠠ | ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠠᠶ ᠳᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠣᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢᠵᠢᠯ ᠤᠨ ᠪᠠᠶᠢᠭᠤᠯᠤᠯᠲᠠ ᠶᠢ | ᠠᠬᠢᠭᠤᠯᠤᠭᠰᠠᠨ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠠᠤᠯᠢ ᠲᠣᠭᠲᠠᠭᠠᠬᠤ ᠠᠵᠢᠯ ᠤᠨ ᠬᠤᠯᠪᠣᠭᠳᠠᠯ ᠪᠥᠬᠦᠶ ᠲᠤᠷᠰᠢᠯᠭ᠎ᠠ ᠶᠢ ᠲᠣᠯᠢᠯᠠᠨ ᠳᠡᠯᠭᠡᠷᠡᠭᠦᠯᠵᠦ ᠪᠣᠯᠤᠮᠠᠷ ᠪᠣᠢ ᠪᠥᠭᠡᠳ᠂ ᠬᠤᠪᠸᠢ ᠮᠤᠵᠢ ᠶᠢᠨ ᠦᠨᠳᠦᠰᠦᠲᠡᠨ | ᠱᠠᠰᠢᠨ ᠰᠤᠷᠲᠠᠬᠤᠨ ᠤ ᠵᠥᠪᠯᠡᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢ ᠲᠣᠭᠲᠠᠭᠠᠬᠤ ᠠᠵᠢᠯ ᠢ ᠠᠬᠢᠭᠤᠯᠬᠤ ᠲᠠᠯ᠎ᠠ ᠳᠤ ᠰᠡᠳᠬᠢᠴᠡ ᠪᠠ | ᠠᠷᠭ᠎ᠠ ᠬᠠᠩᠭᠠᠭᠰᠠᠨ ᠪᠠᠶᠢᠨ᠎ᠠ ᠭᠡᠪᠡ᠃ ᠲᠣᠰ ᠤᠳᠠᠭᠠᠨ ᠤ ᠮᠤᠵᠢ ᠣᠷᠣᠨ ᠠᠯᠤᠰᠯᠠᠨ ᠪᠠᠶᠢᠴᠠᠭᠠᠨ ᠰᠤᠳᠤᠯᠤᠯᠲᠠ ᠬᠢᠭᠰᠡᠨ ᠨᠢ ᠬᠤᠶᠠᠷ ᠭᠠᠵᠠᠷ ᠤᠨ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠬᠠᠥᠯᠢᠵᠢᠯ ᠤᠨ ᠪᠠᠶᠢᠭᠤᠯᠤᠯᠲᠠ ᠶᠢᠨ ᠰᠣᠯᠢᠯᠴᠠᠭ᠎ᠠ ᠳᠤ ᠲᠠᠪᠴᠠᠩ ᠪᠠ ᠲᠣᠬᠢᠶᠠᠯ ᠬᠠᠩᠭᠠᠭᠰᠠᠨ ᠮᠦᠷᠳᠡᠬᠡᠨ ᠬᠠᠤᠯᠢ ᠲᠣᠭᠲᠠᠭᠠᠬᠤ | ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢᠨ ᠠᠰᠢᠭᠲᠠᠶ ᠰᠥᠪᠡᠭᠴᠢᠯᠡᠯᠲᠡ ᠪᠣᠯᠵᠠᠢ᠂ ᠨᠠᠩ ᠴᠤ ᠬᠠᠥᠯᠢᠵᠢᠯ ᠤᠨ ᠰᠡᠳᠬᠢᠬᠦᠶ ᠪᠠ ᠬᠠᠥᠯᠢᠵᠢᠯ ᠤᠨ | ᠠᠷᠭ᠎ᠠ ᠬᠡᠯᠪᠡᠷᠢ ᠪᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢᠨ ᠴᠢᠬᠤᠯᠠ ᠢᠯᠡᠷᠡᠯ ᠪᠣᠯᠵᠠᠢ ᠬᠡᠵᠦ ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠶ ᠦᠵᠡᠵᠡᠭᠡᠪᠡ᠃ | | | | | | ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ |