2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ | ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠪᠢᠩ ᠨᠡᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ | ᠬᠠᠪᠰᠤᠷᠤᠨ ᠲᠡᠳᠬᠦᠵᠦ ᠪᠠᠶᠢᠭ᠎ᠠ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠡᠭᠡ ᠮᠤᠳᠤ ᠪᠠᠯᠭᠠᠰᠤᠨ ᠤ ᠶᠤᠸᠠᠨ ᠪᠤᠤ | ᠳᠦᠨ ᠭᠠᠴᠠᠭ᠎ᠠ ᠪᠣᠯᠤᠨ ᠡᠮᠳᠦ ᠶᠢᠨ ᠭᠤᠤᠯ ᠰᠤᠮᠤᠨ ᠤ ᠪᠠᠶᠠᠨ ᠣᠪᠣᠭ᠎ᠠ ᠭᠠᠴᠠᠭ᠎ᠠ ᠳᠤ ᠬᠦᠷᠴᠦ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ | ᠬᠦᠴᠢᠷᠳᠡᠯᠲᠡᠶ ᠣᠯᠠᠨ ᠲᠦᠮᠡᠨ ᠢ ᠡᠷᠬᠢᠨ ᠦᠵᠡᠵᠦ᠂ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷᠴᠤᠳ ᠢ ᠪᠤᠯᠭᠤᠭᠠᠨ ᠲᠤᠬᠤᠨᠢᠭᠤᠯᠵᠤ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠪᠣᠯᠤᠨ ᠪᠥᠬᠦ ᠪᠠᠶᠢᠭᠤᠯᠭ᠎ᠠ ᠶᠢᠨ ᠺᠠᠳ᠋ᠷᠴᠤᠳ ᠤᠨ ᠴᠠᠭᠠᠨ ᠰᠠᠷ᠎ᠠ ᠶᠢᠨ | ᠰᠠᠶᠢᠨ ᠰᠠᠶᠢᠬᠠᠨ ᠵᠥᠩᠨᠡᠯ ᠢ ᠳᠡᠪᠰᠢᠭᠦᠯᠪᠡ᠃ | ᠳᠡᠳ᠋ ᠡᠷᠬᠢᠯᠡᠭᠴᠢ ᠶᠦᠨ ᠪᠢᠩ ᠨᠡᠷ ᠤᠷᠢᠳ ᠬᠤᠵᠢᠳ ᠭᠠᠴᠠᠭᠠᠨ ᠤ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠣᠯᠠᠨ ᠲᠦᠮᠡᠨ ᠤ ᠲᠥᠯᠥᠭᠡᠯᠡᠭᠴᠢ ᠶᠢ | ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠭᠤᠯᠢᠷ ᠪᠤᠳᠠᠭ᠎ᠠ ᠵᠡᠷᠭᠡ | ᠠᠮᠢᠳᠤᠷᠠᠯ ᠤᠨ ᠡᠳ᠋ ᠪᠣᠳᠠᠰ ᠬᠦᠷᠭᠡᠪᠡ᠃ ᠳᠡᠳᠡ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠵᠢᠴᠢ ᠦᠶᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠬᠠᠯᠠᠮᠵᠢᠯᠠᠨ ᠠᠰᠠᠭᠤᠵᠤ᠂ ᠲᠡᠳᠡᠨ ᠤ ᠦᠨᠳᠦᠰᠦᠲᠡᠨ ᠤ ᠵᠥᠪᠯᠡᠯ ᠤᠨ ᠠᠵᠢᠯ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠲᠤᠬᠠᠶ ᠰᠠᠨᠠᠯ | ᠰᠠᠨᠠᠭᠤᠯᠭ᠎ᠠ ᠶᠢ ᠰᠣᠨᠣᠰᠴᠤ᠂ ᠲᠡᠳᠡᠨ ᠤ ᠠᠮᠢᠳᠤᠷᠠᠯ ᠤᠨ ᠢᠲᠡᠭᠡᠯ ᠢᠶᠠᠨ ᠪᠠᠲᠤᠳᠬᠠᠵᠤ᠂ ᠨᠠᠮ ᠪᠣᠯᠤᠨ ᠵᠠᠰᠠᠭ ᠤᠨ ᠣᠷᠳᠣᠨ ᠤ ᠰᠠᠶᠢᠨ ᠰᠠᠶᠢᠬᠠᠨ ᠲᠥᠷᠥ ᠶᠢᠨ | ᠪᠣᠳᠣᠯᠭ᠎ᠠ ᠳᠤ ᠲᠦᠰᠢᠭᠯᠡᠵᠦ᠂ ᠠᠮᠢᠳᠤᠷᠠᠯ ᠢᠶᠠᠨ ᠶᠠᠪᠤᠬᠤ ᠲᠤᠲᠤᠮ ᠥᠭᠡᠳᠡ ᠡᠰᠡᠷᠡᠭ ᠪᠣᠯᠭᠠᠵᠤ᠂ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ | ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠭᠠᠷ ᠭᠠᠷ ᠢᠶᠠᠨ | ᠬᠤᠯᠪᠣᠨ ᠬᠠᠮᠲᠤ ᠪᠠᠷ ᠴᠢᠨᠡᠭᠡᠯᠢᠭᠵᠢᠬᠦ ᠶᠢ ᠵᠣᠷᠢᠭᠵᠢᠭᠤᠯᠪᠠ᠃ | | ᠲᠣᠬᠤᠨᠢᠭᠤᠯᠬᠤ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ᠂ ᠰᠤᠮᠤ ᠪᠠᠯᠭᠠᠰᠤ ᠪᠣᠯᠤᠨ ᠭᠠᠴᠠᠭ᠎ᠠ ᠲᠣᠰᠬᠤᠨ ᠭᠤᠷᠪᠠᠨ ᠱᠠᠲᠤᠨ ᠤ | ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠠᠴᠠᠭ᠎ᠠ ᠶᠢ ᠬᠠᠪᠰᠤᠷᠤᠨ ᠲᠡᠳᠬᠦᠬᠦ ᠬᠥᠮᠦᠨ ᠠᠮᠠ ᠶᠢᠨ ᠬᠡᠪᠴᠢᠶ᠎ᠡ᠂ ᠦᠨᠳᠦᠰᠦᠲᠡᠨ ᠤ | ᠪᠦᠷᠢᠯᠳᠦᠯ᠂ ᠠᠵᠤ ᠠᠬᠤᠶ ᠶᠢᠨ ᠬᠥᠭᠵᠢᠯᠲᠡ ᠶᠢᠨ ᠬᠡᠪ ᠵᠠᠭᠪᠤᠷ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠷᠠᠵᠤ ᠪᠠᠶᠢᠭ᠎ᠠ ᠭᠤᠤᠯ | ᠬᠦᠴᠢᠷᠳᠡᠯ ᠪᠠ ᠲᠣᠰᠬᠤᠨ ᠤ ᠠᠷᠠᠳ ᠤᠨ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠦᠷᠨᠢᠭᠦᠯᠦᠭᠰᠡᠨ᠂ ᠳᠤᠮᠳᠠᠳᠤ ᠶᠢᠨ | ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠤᠮᠤ ᠪᠠᠯᠭᠠᠰᠤ ᠪᠣᠯᠤᠨ ᠬᠠᠪᠰᠤᠷᠤᠨ | ᠲᠡᠳᠬᠦᠬᠦ ᠭᠠᠴᠠᠭᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠨ ᠪᠦᠯᠬᠦᠮᠳᠡᠭᠦᠯᠦᠨ ᠳᠠᠭᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠬᠤ ᠦᠷ᠎ᠡ ᠪᠦᠲᠦᠭᠡᠯ ᠢ ᠪᠠᠬᠢᠵᠢᠭᠦᠯᠦᠭᠰᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ ᠵᠡᠷᠭᠡ ᠠᠵᠢᠯ ᠢ ᠨᠢ ᠭᠦᠶᠴᠡᠳ ᠨᠤᠲᠠᠯᠠᠵᠤ᠂ ᠲᠣᠰᠬᠤᠨ ᠳᠤ ᠰᠠᠭᠤᠭ᠎ᠠ | ᠺᠠᠳ᠋ᠷᠴᠤᠳ ᠤᠨ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠵᠥᠪᠯᠡᠯ ᠠᠴᠠ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠬᠤ ᠠᠵᠢᠯ ᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠬᠤ ᠶᠢ ᠪᠥᠬᠦ ᠬᠦᠴᠦᠨ ᠢᠶᠠᠷ ᠳᠡᠮᠵᠢᠵᠦ᠂ ᠬᠠᠪᠰᠤᠷᠤᠨ ᠲᠡᠳᠬᠦᠬᠦ ᠨᠢᠭᠡᠴᠢ ᠶᠢᠨ ᠭᠤᠤᠯ | ᠬᠠᠷᠢᠭᠤᠴᠠᠯᠭ᠎ᠠ ᠶᠢ ᠰᠠᠶᠢᠲᠤᠷ ᠭᠦᠶᠴᠡᠳᠬᠡᠵᠦ᠂ ᠲᠣᠮᠢᠯᠠᠨ ᠰᠠᠭᠤᠯᠭᠠᠭᠰᠠᠨ ᠺᠠᠳ᠋ᠷ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ | ᠢᠳᠡᠪᠬᠢᠲᠡᠶ ᠵᠣᠬᠢᠴᠠᠭᠤᠯᠵᠤ᠂ ᠭᠠᠴᠠᠭ᠎ᠠ ᠪᠣᠯᠤᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠳᠤ ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠶᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ | ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃ | | ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ | ᠲᠦᠯᠡᠭᠡ ᠮᠤᠳᠤ ᠪᠠᠯᠭᠠᠰᠤ᠂ ᠡᠮᠳᠦ ᠶᠢᠨ ᠭᠤᠤᠯ ᠰᠤᠮᠤ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠤᠨᠢᠭᠤᠯᠬᠤ | ᠠᠵᠢᠯᠯᠠᠭ᠎ᠠ ᠳᠤ ᠣᠷᠣᠯᠴᠠᠪᠠ᠃ | | | | | ᠣᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠬᠡᠢ ᠨᠠᠶᠢᠷᠠᠭᠤᠯᠤᠭᠴᠢ᠄ ᠬᠤᠣᠰᠪᠠᠶᠠᠷ | ᠶᠡᠷᠦᠩᠬᠡᠢ ᠨᠠᠶᠢᠷᠠᠭᠤᠯᠤᠭᠴᠢ᠄ ᠸᠠᠩ ᠰᠢᠥᠸᠠᠢ ᠳ᠋ᠦᠩ | |