ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠦᠬᠦ ᠣᠷᠣᠨ ᠤ ᠰᠢᠨ᠎ᠡ ᠨᠢᠭᠡ ᠵᠢᠯ ᠤᠨ ᠬᠥᠭᠵᠢᠯᠲᠡ ᠳᠤ ᠡᠭᠦᠷᠭᠡ ᠶᠢᠨ ᠪᠢᠴᠢᠭ ᠢ ᠲᠤᠳᠤᠷᠬᠠᠶᠢᠯᠠᠵᠦ᠂ | ᠪᠠᠶᠢᠷᠢᠰᠢᠭᠤᠯᠤᠯᠲᠠ ᠶᠢᠨ ᠵᠢᠷᠤᠭ ᠢ ᠵᠢᠷᠤᠵᠤ᠂ ᠤᠷᠤᠭᠰᠢᠯᠠᠯᠳᠠ ᠶᠢᠨ ᠪᠦᠷᠢᠶ᠎ᠡ ᠶᠢ ᠬᠠᠩᠬᠢᠨᠠᠭᠤᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠦ ᠡᠷᠡᠯᠬᠡᠭᠯᠡᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠤᠷᠤᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠬᠠᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠳᠠᠨ | ᠦᠰᠦᠭᠲᠦ ᠫᠠᠶᠢᠰᠠ ᠶᠢᠨ ᠭᠡᠷᠡᠯ ᠭᠢᠯᠪᠠᠭ᠎ᠠ ᠶᠢ ᠤᠯᠠᠮ ᠭᠢᠯᠠᠯᠵᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠬᠦᠴᠦᠯᠡᠨ ᠪᠢᠴᠢᠭᠯᠡᠨ᠎ᠡ᠃ | ᠣᠶᠢᠷ᠎ᠠ ᠶᠢᠨ ᠡᠳᠦᠷ ᠤᠳ ᠲᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠺᠠᠳ᠋ᠷ ᠠᠵᠢᠯᠲᠠᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ | ᠵᠡᠷᠭᠡ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠪᠠ᠃ ᠤᠯᠠᠨ ᠢᠶᠠᠷ ᠢᠶᠠᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠡᠬᠢᠯᠡᠮᠡᠭᠴᠡ ᠰᠢᠪᠲᠤᠯᠤᠯᠲᠠ ᠬᠢᠬᠦ ᠲᠡᠮᠡᠴᠡᠯ ᠤᠨ ᠲᠦᠷᠰᠦ ᠪᠠᠶᠢᠳᠠᠯ ᠢᠶᠠᠷ ︽ᠲᠤᠪᠳᠤᠯᠵᠦ︾᠂ ᠬᠠᠷᠢᠭᠤᠴᠠᠯᠭ᠎ᠠ | ᠡᠭᠦᠷᠭᠡᠯᠡᠵᠦ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠰᠢᠨ᠎ᠡ ᠬᠠᠷᠢᠭᠤᠯᠲᠠ ᠲᠤᠰᠢᠶᠠᠵᠤ᠂ ᠰᠠᠶᠢᠨ ᠰᠠᠶᠢᠬᠠᠨ ᠵᠢᠷᠤᠭ ᠲᠦᠰᠦᠪ ᠢ ᠪᠣᠳᠠᠲᠤ ᠠᠬᠤᠢ ᠪᠣᠯᠭᠠᠨ | ᠬᠤᠪᠢᠷᠠᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ | ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠢᠯᠢᠨ᠎ᠡ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠤ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ | ᠲᠣᠳᠣᠷᠬᠠᠢ ᠲᠤᠷᠠᠳᠪᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ᠂ ᠡᠨᠡ ᠵᠢᠯ ᠤᠨ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ | ᠤᠴᠢᠷ ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠶᠢ ᠤᠷᠠᠮᠰᠢᠭᠤᠯᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠡᠷᠡᠰ ᠲᠤᠭᠤᠰᠢᠯᠠᠭᠤᠯᠵᠦ᠂ ᠲᠠᠪᠤᠨ ᠶᠡᠭᠡ | ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠠᠯ᠎ᠠ ᠪᠠᠷ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠦᠯᠢᠭᠡᠷ ᠳᠠᠭᠤᠷᠢᠶᠠᠯ ᠪᠣᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠤᠬᠤ︾ ᠶᠢ ᠠᠬᠢᠭᠤᠯᠤᠨ᠎ᠠ | ᠭᠡᠵᠦ ᠢᠯᠡᠳᠭᠡᠪᠡ᠃ | ᠦᠨᠳᠦᠰᠦᠲᠡᠨ ᠤ ᠬᠡᠯᠡ ᠪᠢᠴᠢᠭ ᠤᠨ ᠭᠠᠵᠠᠷ ︵ᠨᠠᠢᠮᠠᠨ ᠮᠤᠵᠢ ᠤᠷᠤᠨ ᠤ ᠮᠤᠩᠭᠤᠯ ᠭᠡᠯᠡ ᠪᠢᠴᠢᠭ ᠤᠨ ᠬᠠᠮᠵᠢᠯᠴᠠᠭᠠᠨ ᠤ ᠭᠠᠵᠠᠷ︶ ᠤᠨ ᠳᠠᠷᠤᠭ᠎ᠠ | ᠠᠷᠢᠭᠤᠨᠳᠠᠨᠠ᠄ ᠥᠩᠭᠡᠷᠡᠭᠰᠡᠨ ᠨᠢᠭᠡ ᠵᠢᠯ ᠳᠤ ᠥᠪᠥᠷ ᠮᠣᠩᠭᠤᠯ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ | ᠪᠡᠶᠡᠯᠡᠬᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠠᠢ᠃ | 2025 ᠣᠨ ᠳᠤ ᠦᠨᠳᠦᠰᠦᠲᠡᠨ ᠤ ᠬᠡᠯᠡ ᠪᠢᠴᠢᠭ ᠤᠨ ᠭᠠᠵᠠᠷ ︵ᠨᠠᠢᠮᠠᠨ ᠮᠤᠵᠢ ᠤᠷᠤᠨ ᠤ ᠮᠤᠩᠭᠤᠯ ᠭᠡᠯᠡ ᠪᠢᠴᠢᠭ ᠤᠨ ᠬᠠᠮᠵᠢᠯᠴᠠᠭᠠᠨ ᠤ ᠭᠠᠵᠠᠷ︶ ᠬᠤᠶᠠᠷ | ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠵᠢᠷᠭᠤᠭᠠᠨ ᠠᠵᠢᠯᠯᠠᠭ᠎ᠠ︾ | ᠶᠢᠨ ᠲᠣᠭᠤᠷᠢᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ | ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠰᠤᠷᠤᠯᠴᠠᠯᠭ᠎ᠠ ᠪᠠ ᠭᠡᠷᠡᠭᠯᠡᠯᠳᠡ ᠶᠢ ᠬᠦᠨᠳᠦᠳᠬᠡᠨ ᠪᠠᠳᠤᠯᠠᠨ᠎ᠠ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ ᠲᠠᠢ ᠢᠳᠡᠪᠬᠢᠲᠡᠢ | ᠬᠠᠮᠵᠢᠯᠴᠠᠨ ᠮᠣᠩᠭᠤᠯ ᠬᠡᠯᠡᠨ ᠤ ᠯᠠᠲ᠋ᠢᠨ ᠦᠰᠦᠭ ᠢ ᠣᠯᠠᠨ ᠤᠯᠤᠰ ᠤᠨ ᠪᠠᠷᠢᠮᠵᠢᠶ᠎ᠠ ᠳᠤ ᠰᠢᠯᠵᠢᠭᠦᠯᠦᠨ ᠪᠢᠴᠢᠬᠦ ᠰᠤᠳᠤᠯᠤᠨ ᠦᠢᠯᠡᠳᠬᠦ ᠠᠵᠢᠯ ᠢ ᠠᠬᠢᠭᠤᠯᠵᠤ᠂ | ᠮᠣᠩᠭᠤᠯ ᠬᠡᠯᠡᠨ ᠤ ᠺᠤᠳ᠋ ᠤᠨ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠠ ᠢᠵᠢ ᠪᠦᠷᠢᠳᠦᠭᠦᠯᠬᠦ ᠪᠠᠷᠢᠮᠵᠢᠶ᠎ᠠ ᠳᠤ ᠵᠠᠰᠠᠪᠤᠷᠢ ᠣᠷᠣᠭᠤᠯᠬᠤ | ᠠᠵᠢᠯ ᠢ ᠴᠢᠩᠭᠠᠳᠬᠠᠵᠤ᠂ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠲᠦᠷᠢᠮᠵᠢᠭᠦᠯᠬᠦ ᠪᠠᠷᠢᠮᠵᠢᠶᠠᠵᠢᠭᠤᠯᠬᠤ ᠮᠡᠳᠡᠭᠡ ᠵᠠᠩᠭᠢᠴᠢᠯᠠᠭᠤᠯᠬᠤ ᠪᠠ ᠨᠠᠢᠮᠠᠨ ᠮᠤᠵᠢ | ᠣᠷᠣᠨ ᠤ ᠮᠣᠩᠭᠤᠯ ᠬᠡᠯᠡ ᠪᠢᠴᠢᠭ ᠤᠨ ᠬᠠᠮᠵᠢᠯᠴᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ︽ᠬᠡᠯᠡ ᠪᠠᠷ ᠬᠥᠭᠦᠷᠭᠡ ᠪᠠᠶᠢᠭᠤᠯᠵᠤ ᠬᠡᠯᠡ ᠪᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ ᠪᠤᠶᠢᠵᠢᠭᠤᠯᠤᠨ᠎ᠠ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ | ᠭᠡᠷ ᠣᠷᠣᠨ ᠢ ᠬᠦᠴᠦᠯᠡᠨ ᠴᠤᠬᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠭᠡᠪᠡ᠃ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠤᠨ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠶᠠᠨ ᠵᠧᠩ᠄ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ 2025 ᠣᠨ ᠤ ᠪᠥᠬᠦ ᠣᠷᠣᠨ ᠤ ᠴᠢᠬᠤᠯᠠ ᠠᠵᠢᠯ ᠤᠨ ᠬᠠᠷᠠᠯᠲᠠ ᠡᠭᠦᠷᠭᠡ ᠶᠢ | ᠲᠤᠳᠤᠷᠬᠠᠶᠢᠯᠠᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠪᠠ᠃ ᠪᠢᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠪᠠᠶᠢᠷᠢᠯᠠᠭᠤᠯᠤᠯᠲᠠ᠂ | ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠳᠠᠯᠠᠵᠦ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠ ᠦᠨᠳᠦᠰᠦᠲᠡᠨ ᠤ ᠵᠥᠪᠯᠡᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠰᠠᠭᠤᠷᠢᠯᠠᠵᠦ᠂ ︽ᠵᠢᠷᠭᠤᠭᠠᠨ ᠢᠨᠵᠧᠨᠧᠷᠢᠩ︾᠂ | ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠬᠠᠷᠢᠴᠠᠭᠤᠯᠵᠦ᠂ ᠡᠭᠦᠷᠭᠡ ᠪᠠᠨ | ᠲᠣᠳᠣᠷᠬᠠᠶᠢᠯᠠᠵᠤ᠂ ᠠᠷᠭ᠎ᠠ ᠭᠡᠯᠪᠡᠷᠢ ᠪᠠᠨ ᠨᠠᠷᠢᠯᠢᠬᠵᠢᠭᠤᠯᠵᠦ᠂ ᠨᠢᠭᠡ ᠨᠢᠭᠡ ᠲᠦᠷᠦᠯ ᠢᠶᠠᠷ ᠲᠥᠯᠥᠪᠵᠢᠭᠦᠯᠦᠨ ᠪᠣᠳᠠᠲᠠᠶᠢᠵᠢᠭᠤᠯᠵᠤ᠂ ᠨᠢᠭᠡ ᠨᠢᠭᠡ ᠵᠦᠢᠯ ᠢᠶᠠᠷ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠰᠢᠨ᠎ᠡ ᠵᠠᠮ ᠢᠶᠠᠷ ᠵᠠᠮᠨᠠᠵᠤ ᠳᠤᠮᠳᠠ | ᠲᠦᠪᠰᠢᠨ ᠳᠤ ᠣᠷᠣᠵᠤ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠭᠡᠵᠦ ᠢᠯᠡᠳᠭᠡᠪᠡ᠃ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ︵ᠶᠡᠷᠦᠩᠭᠡᠢ ᠪᠠᠲᠤᠯᠠᠭ᠎ᠠ ᠶᠢᠨ | ᠲᠥᠪ︶ ᠤᠨ ᠡᠷᠬᠢᠯᠡᠭᠴᠢ ᠠᠯᠲᠠᠨᠪᠠᠭᠠᠨ᠎ᠠ᠄ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠴᠢᠩᠭ᠎ᠠ ᠮᠦᠷᠳᠡᠭᠰᠡᠨ ᠢᠶᠠᠷ ᠥᠪᠥᠷ ᠮᠣᠩᠭᠤᠯ ᠤᠨ ᠡᠯ᠎ᠡ | ᠵᠦᠢᠯ ᠤᠨ ᠠᠵᠢᠯ ᠲᠤᠪᠤᠶᠢᠮ᠎ᠠ ᠠᠮᠵᠢᠯᠲᠠ ᠣᠯᠵᠤ᠂ ᠰᠢᠨ᠎ᠡ ᠵᠠᠮ ᠢᠶᠠᠷ ᠵᠠᠮᠨᠠᠵᠤ ᠲᠤᠮᠳᠠ ᠲᠦᠪᠰᠢᠨ ᠳᠤ ᠣᠷᠣᠬᠤ ᠢᠳᠡᠷᠬᠦᠨ ᠠᠯᠬᠤᠭ᠎ᠠ ᠶᠢ ᠠᠯᠬᠤᠭᠠᠳ | ᠬᠥᠮᠥᠰ ᠤᠨ ᠰᠡᠳᠬᠢᠯ ᠢ ᠳᠣᠭᠳᠣᠯᠤᠭᠤᠯᠵᠤ᠂ ᠲᠤᠶᠢᠯ ᠢᠶᠠᠷ ᠵᠤᠷᠢᠭᠵᠢᠭᠤᠯᠪᠠ᠃ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠡᠷᠴᠢ ᠵᠣᠷᠢᠭ ᠢᠶᠠᠨ ᠬᠥᠪᠴᠢᠯᠡᠵᠦ᠂ ᠡᠷᠡᠮᠡᠭᠡᠶᠢᠯᠡᠨ ᠤᠷᠤᠭᠰᠢᠯᠠᠵᠤ | ᠲᠡᠷᠢᠭᠦᠨ ᠳᠤ ᠣᠷᠣᠬᠤ ᠪᠠᠷ ᠴᠢᠷᠮᠠᠶᠢᠵᠤ᠂ ︽ᠠᠨᠠᠷ ᠤᠨ ᠭᠡᠯᠬᠢᠶ᠎ᠡ︾ ᠦᠨᠳᠦᠰᠦᠲᠡᠨ ᠤ ᠠᠵᠢᠯ ᠤᠨ ᠲᠥᠷᠥᠯ ᠲᠡᠮᠳᠡᠭ ᠤᠨ ᠦᠢᠯᠡᠳᠦᠯ ᠢ ᠰᠢᠨ᠎ᠡ ᠪᠠᠷ ᠡᠭᠦᠳᠦᠨ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠭᠤᠣᠯ ᠰᠢᠵᠢᠮ ᠤᠨ ᠠᠵᠢᠯ ᠢ | ᠪᠣᠳᠠᠲᠠᠢ ᠠᠳᠬᠤᠵᠤ ᠨᠠᠷᠢᠯᠢᠭ ᠲᠤᠭᠤᠰᠢᠯᠠᠭᠤᠯᠬᠤ ᠳᠤ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯᠳᠠᠯᠭ᠎ᠠ ᠲᠠᠢ | ᠡᠭᠦᠷᠭᠡ ᠳᠤ ᠠᠩᠬᠠᠷᠤᠯ ᠢᠶᠠᠨ ᠲᠦᠪᠯᠡᠷᠡᠬᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠬᠦᠴᠦ ᠨᠡᠮᠡᠷᠢᠯᠡᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠢᠯᠡᠳᠭᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠼᠤᠤ | ᠵᠢᠶᠧ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠠᠴᠠ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠲᠤᠷᠠᠳᠤᠭᠰᠠᠨ ᠪᠠᠶᠢᠨ᠎ᠠ᠃ | ᠰᠤᠳᠤᠷ ᠪᠢᠴᠢᠭ ᠰᠤᠳᠤᠯᠬᠤ ᠲᠠᠰᠤᠭ ᠲᠤᠰ ᠤᠳᠠᠭᠠᠨ ᠤ ᠪᠥᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ | ᠪᠠᠷᠢᠮᠵᠢᠶᠠᠯᠠᠵᠤ᠂ ᠪᠠᠶᠢᠳᠠᠯ ᠢ ᠦᠵᠡᠨ ᠠᠵᠢᠯ ᠢᠶᠠᠨ ᠪᠠᠶᠢᠷᠢᠯᠠᠭᠤᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠠᠮᠢᠳᠤᠯᠢᠭ | ᠲᠡᠤᠭᠡᠨ ᠪᠣᠳᠠᠲᠤ ᠪᠠᠶᠢᠳᠠᠯ ᠤᠨ ᠲᠣᠭᠤᠷᠢᠨ ᠳᠤ᠂ ᠦᠨᠳᠦᠰᠦᠲᠡᠨ ᠤ ᠰᠤᠳᠤᠷ ᠪᠢᠴᠢᠭ ᠰᠤᠷᠪᠤᠯᠵᠢ ᠪᠢᠴᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠳᠤᠮᠳᠠᠬᠢ ᠴᠢᠬᠤᠯᠠ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ᠥᠪᠥᠷ ᠮᠣᠩᠭᠤᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠰᠤᠳᠤᠯᠬᠤ ᠲᠠᠶᠢᠯᠪᠤᠷᠢᠯᠠᠨ ᠲᠠᠷᠬᠠᠭᠠᠬᠤ᠂ ᠥᠪᠥᠷ | ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠡᠦᠬᠡ ᠶᠢᠨ ᠳᠤᠷᠠᠰᠬᠠᠯᠲᠤ ᠵᠦᠢᠯ ᠰᠤᠳᠤᠷ ᠪᠢᠴᠢᠭ ᠢ | ᠳᠡᠯᠭᠡᠨ ᠦᠵᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠲᠡᠨ ᠤ ᠰᠤᠳᠤᠷ ᠪᠢᠴᠢᠭ ᠤᠨ ᠰᠣᠳᠣᠨ ᠪᠦᠲᠦᠭᠡᠯ ᠢᠶᠠᠷ ︽ᠤᠮᠠᠷᠠᠲᠤ | ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠡᠬᠦᠳᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃ | ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠰᠡᠳᠬᠦᠯ ᠤᠨ ᠬᠤᠷᠢᠶ᠎ᠠ ᠶᠢᠨ ᠳᠠᠷᠤᠭ᠎ᠠ ︵ᠶᠡᠷᠦᠩᠬᠡᠢ ᠨᠠᠶᠢᠷᠠᠭᠤᠯᠤᠭᠴᠢ︶ ᠸᠠᠩ ᠰᠢᠤᠸᠠᠢ ᠳ᠋ᠦᠩ᠄ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠡᠯ᠎ᠡ ᠵᠦᠢᠯ ᠤᠨ ᠡᠬᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠪᠠᠶᠢᠷᠢ ᠳᠤ ᠪᠠᠨ ᠰᠠᠭᠤᠷᠢᠯᠠᠵᠦ᠂ ᠨᠠᠮ ᠪᠣᠯᠣᠨ ᠵᠠᠰᠠᠭ ᠤᠨ ᠣᠷᠳᠣᠨ ᠤ ᠲᠥᠷᠥ ᠶᠢᠨ | ᠪᠣᠳᠣᠯᠭ᠎ᠠ ᠶᠢ ᠰᠠᠶᠢᠲᠤᠷ ᠤᠯᠠᠮᠵᠢᠯᠠᠵᠤ᠂ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠵᠤ᠂ ︽ᠬᠤᠶᠠᠷ ᠰᠡᠳᠬᠦᠯ ᠨᠢᠭᠡ ᠰᠦᠯᠵᠢᠶ᠎ᠡ ᠨᠢᠭᠡ ᠸᠢᠴᠠᠲ︾ ᠶᠢ | ᠠᠰᠢᠭᠯᠠᠨ ᠲᠤᠰᠬᠠᠢ ᠰᠡᠳᠦᠪ ᠪᠤᠶᠤ ᠲᠤᠰᠬᠠᠢ ᠪᠤᠯᠤᠩ ᠨᠡᠭᠡᠭᠡᠬᠦ ᠪᠠᠷ ᠲᠠᠮᠵᠢᠭᠤᠯᠵᠦ᠂ ᠴᠢᠬᠤᠯᠠ ᠶᠡᠭᠡ ᠮᠡᠳᠡᠭᠡᠯᠡᠯ᠂ ᠣᠨᠴᠠᠭᠠᠶ ᠤᠬᠠᠭᠠᠯᠠᠭ᠎ᠠ ᠵᠡᠷᠭᠡ ᠬᠡᠯᠪᠡᠷᠢ ᠪᠠᠷ | ᠮᠣᠩᠭᠤᠯ ᠬᠡᠯᠡᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠥᠪᠡᠷᠲᠡᠭᠡᠨ ᠵᠠᠰᠠᠬᠤ | ᠣᠷᠣᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠡᠯᠡᠨ ᠳᠠᠮᠵᠢᠭᠤᠯᠬᠤ ᠰᠠᠶᠢᠨ ᠰᠠᠶᠢᠬᠠᠨ ᠠᠬᠤᠢ ᠨᠦᠭᠦᠴᠡᠯ ᠢ ᠪᠣᠶ | ᠪᠣᠯᠭᠠᠨ᠎ᠠ ᠭᠡᠵᠦ ᠢᠯᠡᠳᠭᠡᠪᠡ᠃ | | | | | | | ᠣᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠬᠡᠢ ᠨᠠᠶᠢᠷᠠᠭᠤᠯᠤᠭᠴᠢ᠄ ᠬᠤᠣᠰᠪᠠᠶᠠᠷ | ᠶᠡᠷᠦᠩᠬᠡᠢ ᠨᠠᠶᠢᠷᠠᠭᠤᠯᠤᠭᠴᠢ᠄ ᠸᠠᠩ ᠰᠢᠥᠸᠠᠢ ᠳ᠋ᠦᠩ | | | | | | | | | | | | |