ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ 1 ᠳ᠋ᠦ᠋ᠭᠡᠷ ᠰᠠᠷ᠎ᠠ ᠶᠢᠨ | 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠵᠠᠩ ᠸᠧᠨ ᠵᠢᠶᠦ᠋ᠨ᠂ ᠬᠤᠯᠪᠣᠭᠠᠴᠢᠨ ᠰᠢᠩ ᠯᠢ ᠹᠧᠩ᠂ ᠪᠦᠷᠢᠯᠳᠦᠬᠦᠨ ᠯᠢᠨ ᠹᠠᠩ ᠷᠦ᠋᠂ ᠵᠠᠩ ᠽᠢ ᠨᠢᠶᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠢ ᠡᠷᠬᠢᠯᠡᠪᠡ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ ᠲᠣᠰ ᠣᠳᠠᠭᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ ᠤᠨᠤᠯ ᠤᠨ ᠰᠤᠷᠤᠯᠴᠠᠯᠭ᠎ᠠ ᠪᠣᠯᠤᠨ ᠰᠣᠯᠢᠯᠴᠠᠭ᠎ᠠ᠂ | ᠰᠤᠳᠤᠯᠤᠨ ᠶᠠᠷᠢᠯᠴᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠴᠢᠩ ᠦᠨᠡᠨᠴᠢ ᠪᠠᠷ ᠰᠡᠳᠬᠢᠯ ᠤᠨ ᠦᠭᠡ ᠪᠠᠨ | ᠶᠠᠷᠢᠯᠴᠠᠵᠤ᠂ ︽ᠲᠦᠷᠪᠡᠨ ᠳᠠᠭᠠᠭᠤᠯᠭ᠎ᠠ︾ ᠶᠢ ᠴᠢᠩᠭ᠎ᠠ ᠡᠵᠡᠮᠳᠡᠵᠦ᠂ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠭᠦᠨᠵᠡᠭᠡᠢ ᠵᠠᠳᠠᠯᠤᠯᠲᠠ ᠬᠢᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠢᠮᠪᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠰᠠᠶᠢᠲᠤᠷ ᠬᠢᠬᠦ ᠳᠤ ᠭᠦᠢᠴᠡᠳ ᠪᠡᠯᠡᠳᠬᠡᠯ ᠬᠢᠵᠡᠢ᠃ | ᠬᠤᠷᠠᠯ ᠠᠴᠠ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ | ᠬᠦᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭ᠎ᠠ ᠶᠢᠨ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠭᠤᠤ ᠵᠠᠨ ᠱᠧᠩ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ | ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠭᠢᠭᠰᠡᠨ ᠪᠦᠭᠡᠳ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ | ᠬᠠᠷᠢᠴᠠᠭᠤᠯᠤᠨ ᠪᠠᠶᠢᠴᠠᠭᠠᠵᠤ ᠬᠠᠷᠢᠯᠴᠠᠨ ᠰᠢᠭᠦᠮᠵᠢᠯᠡᠯ ᠬᠢᠪᠡ᠃ ᠣᠯᠠᠨ ᠢᠶᠠᠷ ᠢᠶᠠᠨ ᠬᠤᠷᠠᠯ ᠤᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠵᠦ᠂ | ᠬᠤᠪᠢ ᠪᠡᠶ᠎ᠡ᠂ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠢᠶᠠᠨ ᠲᠤᠭᠤᠷᠢᠨ ᠳᠤ ᠥᠪᠡᠷ ᠤᠨ ᠰᠢᠭᠦᠮᠵᠢᠯᠡᠯ ᠬᠢᠵᠦ᠂ ᠰᠢᠭᠤᠳᠠᠰᠠᠭᠤᠳᠠᠯ ᠳᠤ ᠬᠠᠨᠳᠤᠨ ᠦᠨᠡᠨ ᠠᠴᠠ | ᠵᠥᠪ ᠢ ᠡᠷᠢᠵᠦ᠂ ᠬᠥᠮᠦᠨ ᠤᠴᠢᠷ ᠶᠠᠪᠤᠳᠠᠯ ᠦᠵᠡᠯ ᠰᠠᠨᠠᠭᠠᠨ ᠤ ᠲᠠᠯ᠎ᠠ ᠪᠠᠷ ᠰᠢᠭᠤᠳ ᠰᠢᠯᠤᠭᠤᠨ᠂ ᠦᠨᠡᠨᠴᠢ ᠰᠢᠳᠤᠷᠭᠤ ᠬᠠᠷᠢᠭᠤᠴᠠᠯᠭ᠎ᠠ ᠲᠠᠢ ᠪᠠᠷ ᠬᠠᠷᠢᠯᠴᠠᠨ | ᠰᠢᠭᠦᠮᠵᠢᠯᠡᠯ ᠬᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠲᠥᠪ ᠴᠢᠩᠭ᠎ᠠ ᠨᠠᠷᠢᠨ ᠬᠢᠨᠠᠮᠠᠭᠠᠶ ᠶᠠᠪᠤᠭᠳᠠᠵᠤ᠂ ᠵᠢᠱᠢᠭᠰᠡᠨ ᠦᠷ᠎ᠡ ᠪᠦᠲᠦᠮᠵᠢ ᠤᠯᠪᠠ᠃ | ᠵᠠᠩ ᠸᠧᠨ ᠵᠢᠶᠦ᠋ᠨ ᠦᠨᠡᠯᠡᠯᠲᠡ ᠳᠤ ᠪᠠᠨ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠲᠡᠷᠡ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ | ᠤᠶᠠᠯᠳᠤᠭᠤᠯᠵᠦ᠂ ᠰᠡᠳᠬᠢᠯ ᠢᠶᠠᠨ ᠳᠡᠯᠭᠡᠨ ᠠᠭᠤᠵᠢᠷᠠᠲᠠᠯ᠎ᠠ ᠶᠠᠷᠢᠯᠴᠠᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠴᠢᠩᠭ᠎ᠠ ᠪᠣᠳᠠᠲᠠᠶ ᠦᠷᠨᠢᠭᠦᠯᠦᠭᠰᠡᠨ ᠠᠴᠠ | ᠨᠢᠭᠡ ᠤᠳᠠᠭᠠᠨ ᠤ ᠪᠦᠬᠦ ᠲᠠᠯ᠎ᠠ ᠶᠢᠨ ᠤᠯᠤᠰ ᠲᠥᠷᠥ ᠶᠢᠨ ᠪᠠᠶᠢᠴᠠᠭᠠᠯᠲᠠ ᠪᠠ ᠭᠦᠨ ᠭᠦᠨᠵᠡᠭᠡᠶ ᠦᠵᠡᠯ ᠰᠠᠨᠠᠭᠠᠨ ᠤ ᠰᠢᠯᠭᠠᠯᠲᠠ ᠶᠢ ᠦᠩᠭᠡᠷᠡᠭᠡᠵᠦ᠂ ︽ᠬᠤᠶᠠᠷ ᠢ | ᠲᠤᠭᠳᠠᠭᠠᠭᠰᠠᠨ︾ ᠢ ᠡᠷᠡᠰ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠰᠠᠬᠢᠯᠭ᠎ᠠ ᠪᠠᠲᠤ ᠶᠢᠨ ᠲᠣᠭᠲᠠᠯ ᠬᠦᠴᠦᠨ ᠢ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠤᠳᠬᠠᠨ ᠠᠬᠢᠭᠤᠯᠬᠤ ᠡᠭᠦᠷᠭᠡ | ᠬᠠᠷᠢᠭᠤᠴᠠᠯᠭ᠎ᠠ ᠶᠢ ᠴᠢᠩᠭᠠᠳᠬᠠᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠬᠠᠷᠢᠭᠤᠴᠠᠯᠭᠠᠲᠤ ᠤᠬᠠᠮᠰᠠᠷ ᠢ ᠨᠡᠮᠡᠭᠳᠡᠭᠦᠯᠵᠦ᠂ ᠪᠦᠯᠬᠦᠮᠳᠡᠯ ᠢ | ᠨᠢᠭᠲᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ᠂ ᠦᠵᠡᠯ ᠰᠠᠨᠠᠭ᠎ᠠ ᠪᠠᠨ ᠨᠢᠭᠡᠳᠬᠡᠬᠦ᠂ ᠬᠠᠷᠢᠭᠤᠴᠠᠯᠭ᠎ᠠ ᠡᠭᠦᠷᠭᠡᠯᠡᠬᠦ ᠵᠣᠷᠢᠯᠭ᠎ᠠ ᠳᠤ ᠪᠠᠨ ᠬᠦᠷᠴᠡᠢ᠃ ᠵᠠᠩ ᠸᠧᠨ | ᠵᠢᠶᠦ᠋ᠨ ᠠᠮᠵᠢᠯᠲᠠ ᠪᠦᠲᠦᠮᠵᠢ ᠶᠢ ᠨᠤᠲᠠᠯᠠᠬᠤ ᠶᠢᠨ ᠬᠠᠮᠲᠤ᠂ ᠲᠠᠷᠠᠭᠠᠴᠢ ᠶᠢᠨ ᠠᠵᠢᠯ ᠳᠤ ᠰᠠᠨᠠᠯ ᠰᠠᠨᠠᠭᠤᠯᠭ᠎ᠠ ᠲᠣᠷᠠᠳᠪᠠ᠃ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠬᠢᠨ ᠲᠦᠷᠦᠭᠦᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠬᠡᠷᠡᠭᠲᠡᠶ ᠭᠡᠵᠦ ᠱᠠᠭᠠᠷᠳᠠᠪᠠ︔ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠤᠭᠤᠳᠤᠭᠤᠯᠬᠤ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠰᠡᠳᠬᠢᠯ ᠲᠠᠯᠪᠢᠨ ᠬᠠᠷᠢᠭᠤᠴᠠᠯᠭ᠎ᠠ | ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠠᠵᠢᠯ ᠤᠨ ᠰᠡᠳᠬᠢᠮᠵᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠬᠦᠷᠳᠡᠵᠦ᠂ ᠰᠠᠶᠢᠨ ᠰᠠᠶᠢᠬᠠᠨ ᠤᠯᠤᠰ ᠲᠦᠷᠦ ᠶᠢᠨ | ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠪᠡ᠃ | ᠭᠤᠤ ᠵᠠᠨ ᠱᠧᠩ ᠣᠪᠣᠷ ᠢᠶᠠᠨ ᠢᠯᠡᠳᠬᠡᠬᠦ ᠶᠠᠷᠢᠶᠠᠨ ᠳᠤ ᠪᠠᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ | ᠬᠢᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ | ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ | ᠭᠤᠣᠯ ᠰᠢᠵᠢᠮ ᠳᠤ ᠠᠩᠬᠠᠷᠤᠯ ᠢᠶᠠᠨ ᠬᠠᠨᠳᠤᠭᠤᠯᠵᠦ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ ᠡᠭᠦᠨ ᠤ ᠬᠠᠮᠲᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤᠮᠳᠠ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠯᠳᠠᠭ᠎ᠠ ᠪᠤᠷᠤᠭᠤ ᠪᠠᠨ | ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ᠭᠡᠬᠦ ᠤᠬᠠᠮᠰᠠᠷ ᠢ ᠪᠠᠲᠤ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠪᠠᠷ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠬᠦ ᠴᠢᠬᠤᠯᠠ ᠭᠠᠷᠳᠠᠴᠠ | ᠪᠣᠯᠭᠠᠵᠤ᠂ ︽ᠡᠪᠡᠳᠴᠢᠨ ᠡᠮᠭᠡᠭ︾ ᠪᠣᠯᠤᠨ ︽ᠡᠪᠡᠳᠴᠢᠨ ᠤ ᠰᠢᠯᠲᠠᠭᠠᠨ︾ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ | ᠤᠬᠠᠮᠰᠠᠷᠲᠤ ᠤᠯᠤᠰ ᠲᠥᠷᠥ ᠶᠢᠨ ᠣᠪᠣᠷ᠂ ᠦᠨᠡᠨ ᠬᠦ ᠪᠤᠲᠠᠲᠠᠢ ᠴᠡᠭᠴᠡᠯᠡᠨ ᠰᠠᠶᠢᠵᠢᠷᠠᠭᠤᠯᠬᠤ ᠪᠣᠳᠠᠲᠤ ᠠᠵᠢᠯᠯᠠᠭ᠎ᠠ᠂ ᠪᠦᠬᠦᠨ ᠢ ᠴᠡᠭᠴᠡᠯᠡᠨ ᠰᠠᠶᠢᠵᠢᠷᠠᠭᠤᠯᠵᠦ | ᠳᠠᠭᠤᠰᠬᠠᠭᠰᠠᠨ ᠦᠷ᠎ᠡ ᠪᠦᠲᠦᠮᠵᠢ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠯᠤᠰ | ᠲᠥᠷᠥ ᠶᠢᠨ ᠦᠨᠡᠨᠴᠢ ᠰᠢᠳᠤᠷᠭᠤ ᠣᠪᠤᠷ ᠪᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠦᠯᠭᠡᠵᠢᠭᠦᠯᠦᠨᠡ᠃ ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠦᠬᠦ ᠲᠠᠯ᠎ᠠ ᠶᠢᠨ ︽ᠤᠯᠤᠰ | ᠲᠦᠷᠦ ᠶᠢᠨ ᠪᠠᠶᠢᠴᠠᠭᠠᠯᠲᠠ︾ ᠬᠢᠵᠦ᠂ ᠪᠦᠬᠦ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ | ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠡᠭᠡᠷ᠎ᠡ ᠨᠢᠭᠡᠳᠬᠡᠵᠦ᠂ ᠴᠤᠴᠠᠯᠲᠠ ᠦᠭᠡᠢ ᠤᠷᠤᠭᠰᠢᠯᠠᠬᠤ | ᠲᠡᠮᠡᠴᠡᠯ ᠤᠨ ᠣᠪᠣᠷ ᠪᠠᠶᠢᠳᠠᠯ᠂ ᠴᠠᠭ ᠮᠦᠴᠡ ᠲᠠᠢ ᠤᠷᠤᠯᠳᠤᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠤᠨ᠎ᠠ᠃ | ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠳᠤᠮᠳᠠ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠪᠡᠷ ᠢ ᠪᠠᠨ ᠱᠠᠭᠠᠷᠳᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠡᠷᠬᠡ ᠶᠢᠨ | ᠠᠵᠢᠯᠯᠠᠭᠠᠨ ᠢ ᠵᠢᠷᠤᠮᠵᠢᠭᠤᠯᠤᠨ᠎ᠠ᠃ ᠶᠣᠰᠣ ᠳᠦᠷᠢᠮ ᠤᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠪ | ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ | ᠬᠡᠷᠡᠭᠯᠡᠬᠦ ᠶᠢ ᠪᠡᠶᠡᠯᠡᠭᠦᠯᠦᠨ᠎ᠡ᠃ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠥᠬᠡᠶ ᠠᠳᠬᠤᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ | ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ | ᠪᠦᠲᠦᠮᠵᠢ ᠶᠢ ᠰᠠᠶᠢᠵᠢᠷᠠᠭᠤᠯᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠣᠷᠢᠭᠲᠠᠶ ᠡᠭᠦᠷᠭᠡᠯᠡᠬᠦ᠂ ᠪᠣᠳᠠᠲᠠᠶ ᠠᠵᠢᠯᠯᠠᠬᠤ ᠂ ᠶᠣᠰᠣ ᠲᠦᠷᠢᠮ ᠢ | ᠰᠠᠬᠢᠬᠤ ᠰᠠᠶᠢᠨ ᠰᠠᠶᠢᠬᠠᠨ ᠠᠬᠤᠢ ᠨᠦᠭᠦᠴᠡᠯ ᠢ ᠪᠣᠶ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠲᠤ ᠲᠤᠮᠢᠯᠠᠨ ᠠᠵᠢᠯᠯᠠᠭᠤᠯᠵᠦ ᠪᠠᠶᠢᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠥᠮᠦᠰ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠢᠭᠡᠳᠦᠭᠡᠷ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠠᠯᠪᠠᠨ ᠭᠡᠷ᠂ ᠪᠠᠶᠢᠭᠤᠯᠭ᠎ᠠ ᠶᠢᠨ ᠨᠠᠮ ᠤᠨ | ᠬᠤᠷᠢᠶ᠎ᠠ ︵ᠠᠵᠢᠯᠳᠠᠨ ᠤ ᠶᠠᠪᠤᠳᠠᠯ ᠤᠨ ᠭᠠᠵᠠᠷ︶ ᠶᠢᠨ ᠬᠤᠯᠪᠣᠭᠳᠠᠯ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃ | | | | | | | ᠣᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠬᠡᠢ ᠨᠠᠶᠢᠷᠠᠭᠤᠯᠤᠭᠴᠢ᠄ ᠬᠤᠣᠰᠪᠠᠶᠠᠷ | ᠶᠡᠷᠦᠩᠬᠡᠢ ᠨᠠᠶᠢᠷᠠᠭᠤᠯᠤᠭᠴᠢ᠄ ᠸᠠᠩ ᠰᠢᠥᠸᠠᠢ ᠳ᠋ᠦᠩ | | |