12 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ | ᠰᠤᠳᠤᠯᠬᠤ ᠲᠠᠰᠤᠭ ᠤᠨ ᠬᠢᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ | ᠲᠣᠭᠲᠠᠵᠤ᠂ ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠷ ᠪᠢᠴᠢᠭ ᠢ ᠡᠮᠬᠢᠳᠬᠡᠨ | ᠰᠤᠳᠤᠯᠬᠤ ᠴᠤᠪᠤᠷᠠᠯ ᠨᠣᠮ︾ ᠤᠨ ᠦᠷ᠎ᠡ ᠪᠦᠲᠦᠭᠡᠯ ᠢ ᠡᠮᠬᠢᠳᠬᠡᠨ ᠬᠡᠪᠯᠡᠭᠦᠯᠬᠦ᠂ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ — ︽ᠰᠤᠳᠤᠷ ᠪᠢᠴᠢᠭ | ᠰᠤᠷᠪᠤᠯᠵᠢ ᠪᠢᠴᠢᠭ︾ ᠢ ᠡᠮᠬᠢᠳᠬᠡᠨ ᠬᠡᠪᠯᠡᠭᠦᠯᠬᠦ᠂ ︽ᠥᠪᠥᠷ ᠮᠣᠩᠭᠤᠯ ᠤᠨ ᠣᠷᠣᠨ ᠨᠤᠲᠤᠭ ᠤᠨ ᠰᠤᠳᠤᠷ ᠪᠢᠴᠢᠭ ᠤᠨ ᠳ᠋ᠢᠬᠢᠲ ᠬᠥᠮᠥᠷᠭᠡ ᠶᠢᠨ ᠲᠠᠪᠴᠠᠩ︾ ᠤᠨ | ᠡᠬᠢ ᠪᠠᠶᠠᠯᠢᠭ ᠢ ᠴᠤᠭᠯᠠᠭᠤᠯᠵᠤ ᠨᠡᠶᠢᠲᠡᠯᠡᠬᠦ᠂ ᠤᠯᠤᠰ ᠤᠨ ᠲᠠᠰ ᠤᠨ ᠰᠤᠳᠤᠷ ᠪᠢᠴᠢᠭ ᠢ ᠡᠮᠬᠢᠳᠬᠡᠬᠦ ᠲᠥᠷᠥᠯ ᠵᠦᠢᠯ ᠰᠡᠳᠦᠪ ᠲᠣᠭᠲᠠᠭᠠᠬᠤ ᠬᠡᠪᠯᠡᠭᠦᠯᠬᠦ ᠵᠡᠷᠭᠡ | ᠲᠠᠯ᠎ᠠ ᠪᠠᠷ ᠬᠠᠮᠲᠤᠷᠠᠯᠴᠠᠭᠠᠨ ᠤ ᠪᠣᠯᠤᠮᠵᠢ ᠲᠠᠢ ᠪᠤᠯᠤᠬᠰᠠᠨ ᠪᠥᠭᠡᠳ ᠬᠤᠶᠠᠷ ᠲᠠᠯ᠎ᠠ ᠪᠠᠷ ᠢᠶᠠᠨ ᠬᠠᠮᠲᠤ ᠪᠠᠷ ᠬᠠᠷᠢᠭᠤᠴᠠᠬᠤ ᠠᠵᠢᠯ ᠤᠨ ᠵᠣᠬᠢᠴᠠᠭᠤᠯᠬᠤ | ᠳᠤᠭᠤᠶᠢᠯᠠᠩ ᠢ ᠪᠠᠶᠢᠭᠤᠯᠵᠤ᠂ ᠪᠣᠳᠠᠲᠠᠶ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠣᠷᠳᠣ ᠬᠤᠭᠤᠴᠠᠭ᠎ᠠ ᠪᠠᠷ ᠬᠠᠮᠲᠤᠷᠠᠯᠴᠠᠭᠰᠠᠨ᠂ ᠬᠠᠷᠢᠯᠴᠠᠨ | ᠠᠰᠢᠭᠲᠠᠢ ᠬᠠᠮᠲᠤ ᠪᠠᠷ ᠠᠮᠵᠢᠯᠲᠠ ᠣᠯᠤᠭᠰᠠᠨ᠂ ᠣᠯᠠᠨ ᠲᠠᠰ ᠳᠠᠪᠬᠤᠷᠭ᠎ᠠ ᠲᠠᠢ᠂ ᠪᠠᠶᠢᠩᠭᠤᠵᠢᠭᠰᠠᠨ ᠠᠵᠢᠯ ᠤᠨ ᠲᠣᠭᠲᠠᠴᠠ ᠪᠠ ᠬᠠᠮᠵᠢᠯᠴᠠᠬᠤ ᠪᠠᠶᠢᠷᠢᠰᠢᠯ ᠢ | ᠪᠦᠷᠢᠯᠳᠦᠭᠦᠯᠪᠡ᠃ | ᠲᠣᠰ ᠵᠥᠪᠯᠡᠯᠴᠡᠭᠡᠷ ᠢ ᠲᠣᠭᠲᠠᠭᠠᠭᠰᠠᠨ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠳᠤᠷ ᠪᠢᠴᠢᠭ ᠤᠨ ᠠᠵᠢᠯ ᠢ ᠠᠬᠢᠭᠤᠯᠬᠤ ᠲᠤᠬᠠᠶ ᠰᠠᠨᠠᠯ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠢ ᠪᠠᠲᠤ | ᠡᠵᠡᠮᠳᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠪᠦᠲᠦᠭᠡᠯᠴᠢ ᠴᠢᠨᠠᠷᠲᠠᠶ ᠪᠠᠷ ᠤᠯᠠᠷᠢᠭᠤᠯᠬᠤ᠂ ᠰᠢᠨ᠎ᠡ ᠶᠢ ᠡᠭᠦᠳᠬᠦ | ᠴᠢᠨᠠᠷᠲᠠᠶ ᠪᠠᠷ ᠬᠥᠭᠵᠢᠭᠦᠯᠬᠦ ᠶᠢ ᠪᠡᠶᠡᠯᠡᠭᠦᠯᠬᠦ ᠨᠢᠭᠡ ᠤᠳᠠᠭᠠᠨ ᠤ ᠪᠣᠳᠠᠲᠠᠶ ᠦᠢᠯᠡᠳᠦᠯᠭᠡ ᠪᠠᠶᠢᠵᠤ᠂ ᠮᠠᠨ ᠤ ᠣᠷᠣᠨ ᠤ ᠦᠨᠳᠦᠰᠦᠲᠡᠨ ᠤ ᠰᠤᠳᠤᠷ ᠪᠢᠴᠢᠭ ᠤᠨ | ᠦᠢᠯᠡᠰ ᠤᠨ ᠨᠠᠩ ᠰᠢᠨᠵᠢᠯᠡᠬᠦ ᠤᠬᠠᠭᠠᠨᠴᠢ᠂ ᠨᠠᠩ ᠥᠨᠳᠥᠷ ᠪᠦᠲᠦᠮᠵᠢᠲᠡᠶ᠂ ᠨᠠᠩ ᠦᠷᠭᠦᠯᠵᠢᠯᠡᠬᠦᠶᠢᠴᠡ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠳᠤ | ᠠᠰᠢᠭᠲᠠᠶ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠰᠤᠳᠤᠷ | ᠪᠢᠴᠢᠭ ᠢ ᠠᠪᠤᠷᠠᠨ ᠬᠠᠮᠠᠭᠠᠯᠠᠬᠤ᠂ ᠴᠤᠭᠯᠠᠭᠤᠯᠤᠨ ᠡᠮᠬᠢᠳᠬᠡᠬᠦ᠂ ᠣᠷᠴᠢᠭᠤᠯᠤᠨ ᠰᠤᠳᠤᠯᠬᠤ᠂ ᠬᠡᠪᠯᠡᠭᠦᠯᠦᠨ ᠠᠰᠢᠭᠯᠠᠬᠤ᠂ ᠤᠬᠠᠭᠤᠯᠤᠨ ᠳᠡᠯᠭᠡᠷᠡᠭᠦᠯᠬᠦ ᠪᠠ ᠰᠣᠯᠢᠯᠴᠠᠨ | ᠬᠠᠮᠳᠤᠷᠠᠯᠴᠠᠬᠤ ᠵᠡᠷᠭᠡ ᠠᠵᠢᠯ ᠳᠤ ᠵᠢᠳᠬᠦᠭᠰᠡᠭᠡᠷ ᠢᠷᠡᠵᠡᠢ᠃ ᠬᠤᠶᠢᠰᠢᠲᠠ ᠪᠠᠨ ᠲᠣᠰ ᠤᠳᠠᠭᠠᠨ ᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠮᠠᠨ ᠤ | ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠡᠬᠢ ᠪᠠᠶᠠᠯᠢᠭ ᠢ ᠠᠭᠤᠳᠠᠯᠤᠨ ᠡᠮᠬᠢᠳᠬᠡᠬᠦ ᠶᠢ ᠲᠦᠷᠭᠡᠳᠬᠡᠨ ᠠᠬᠢᠭᠤᠯᠵᠤ᠂ ︽ᠤᠮᠠᠷᠠᠲᠤ | ᠬᠢᠯᠢ ᠶᠢᠨ ᠰᠣᠶᠣᠯ ᠤᠨ ᠬᠥᠮᠥᠷᠭᠡ︾ ᠶᠢᠨ ᠨᠠᠷᠠᠲᠤ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠰᠤᠳᠤᠷ ᠪᠢᠴᠢᠭ ᠲᠤ ᠬᠢ | ︽ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ︾ ᠶᠢᠨ ᠥᠯᠢᠭᠡᠷ ᠢ ᠰᠠᠶᠢᠲᠤᠷ ᠶᠠᠷᠢᠨ᠎ᠠ︔ ︽ᠥᠪᠥᠷ ᠮᠣᠩᠭᠤᠯ ᠤᠨ ᠣᠷᠣᠨ ᠨᠤᠲᠤᠭ ᠤᠨ ᠰᠤᠳᠤᠷ ᠪᠢᠴᠢᠭ ᠤᠨ | ᠳ᠋ᠢᠬᠢᠲ ᠬᠥᠮᠥᠷᠭᠡ ᠶᠢᠨ ᠲᠠᠪᠴᠠᠩ︾ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ︔ | ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠷ ᠪᠢᠴᠢᠭ ᠢ ᠡᠮᠬᠢᠳᠬᠡᠨ ᠰᠤᠳᠤᠯᠬᠤ | ᠴᠣᠪᠤᠷᠠᠯ ᠨᠣᠮ︾ ᠤᠨ ᠤᠯᠠᠷᠢᠭᠤᠯᠤᠯᠳᠠ ᠶᠢ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠦᠨᠡᠨ ᠬᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠡᠬᠢ ᠪᠠᠶᠠᠯᠢᠭ ᠪᠣᠯᠭᠠᠵᠤ᠂ ᠮᠠᠨ ᠤ ᠣᠷᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠬᠦᠴᠦᠯᠡᠨ ᠪᠠᠶᠢᠭᠤᠯᠬᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠪᠠᠲᠤᠳᠬᠠᠬᠤ ᠶᠢ ᠠᠬᠢᠭᠤᠯᠬᠤ ᠳᠤ ᠰᠤᠳᠤᠷ ᠪᠢᠴᠢᠭ ᠤᠨ ᠰᠣᠶᠣᠯ ᠤᠨ ᠳᠡᠮᠵᠢᠯᠭᠡ ᠬᠠᠩᠭᠠᠨ᠎ᠠ᠃ | | | | | ᠣᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠬᠡᠢ ᠨᠠᠶᠢᠷᠠᠭᠤᠯᠤᠭᠴᠢ᠄ ᠬᠤᠣᠰᠪᠠᠶᠠᠷ | ᠶᠡᠷᠦᠩᠬᠡᠢ ᠨᠠᠶᠢᠷᠠᠭᠤᠯᠤᠭᠴᠢ᠄ ᠸᠠᠩ ᠰᠢᠥᠸᠠᠢ ᠳ᠋ᠦᠩ | | | | |