2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠬᠥᠬᠡᠬᠤᠲᠠ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯ ᠤᠨ ᠠᠬᠤᠢ ᠲᠠᠯᠠᠪᠠᠢ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠶᠠᠷᠢᠶ᠎ᠠ ᠲᠠᠯᠪᠢᠪᠠ᠃ | ᠬᠤᠷᠠᠯ ᠠᠴᠠ᠂ 2024 ᠣᠨ ᠳᠤ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠰᠢ ᠵᠢᠨᠫᠢᠩ ᠶᠡᠷᠦᠩᠬᠡᠢ | ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠬᠠᠨᠳᠤᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ ᠤ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠡᠳᠬᠡᠵᠦ | ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠨᠤᠯ ᠤᠨ ᠲᠤᠭᠳᠠᠯᠴᠠᠭ᠎ᠠ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠬᠥᠮᠦᠵᠢᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠬᠤᠯᠪᠣᠭᠠᠯᠠᠨ | ᠬᠦᠳᠡᠯᠦᠯᠴᠡᠵᠦ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠤᠨᠤᠰᠬᠤ᠂ ᠨᠠᠮ ᠢᠶᠠᠨ ᠲᠠᠭᠠᠨ ᠤᠷᠤᠭᠰᠢᠯᠠᠬᠤ︾ ᠦᠨᠳᠦᠰᠦᠨ ᠱᠠᠲᠤᠨ ᠤ | ᠠᠶᠠᠯᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ | ᠭᠡᠷ ᠣᠷᠣᠨ ᠤ ᠪᠦᠳᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ︽ᠭᠤᠷᠪᠠᠨ ᠲᠦᠷᠦᠯ ᠤᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤ ᠰᠢᠨ᠎ᠡ ᠪᠠᠶᠢᠳᠠᠯ ᠢᠯᠡᠷᠡᠪᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠦᠮᠲᠦ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ | ᠠᠬᠢᠭᠤᠯᠵᠤ ᠰᠢᠨ᠎ᠡ ᠠᠬᠢᠯᠲᠠ ᠲᠠᠢ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ ᠣᠷᠣᠨ ᠨᠤᠲᠤᠭ ᠤᠨ ᠴᠢᠨᠠᠷᠲᠠᠢ ᠬᠠᠤᠯᠢ ᠲᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠬᠡᠷᠡᠭ | ᠶᠠᠪᠤᠳᠠᠯ ᠤᠨ ᠵᠠᠰᠠᠯᠲᠠ ᠶᠢᠨ ᠲᠤᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠰᠢᠨ᠎ᠡ ᠠᠬᠤᠢ ᠪᠠᠶᠢᠳᠠᠯ ᠢ ᠪᠤᠢ | ᠪᠤᠯᠭᠠᠪᠠ᠃ ᠤᠯᠠᠮᠵᠢᠯᠠᠨ ᠲᠠᠷᠬᠠᠭᠠᠬᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠬᠠᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ ᠰᠢᠨ᠎ᠡ ᠪᠠᠶᠢᠳᠠᠯ ᠢ ᠪᠦᠷᠢᠯᠳᠦᠭᠦᠯᠪᠡ᠃ ᠮᠡᠳᠡᠭᠡ ᠵᠠᠩᠭᠢ ᠶᠢᠨ ᠠᠵᠢᠯ ᠢ ᠦᠷᠭᠦᠯᠵᠢᠯᠡᠨ | ᠴᠢᠩᠭᠠᠳᠬᠠᠨ ᠰᠠᠶᠢᠵᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠵᠤ᠂ ᠦᠨᠳᠦᠰᠦᠲᠡᠨ ᠤ ᠴᠠᠷᠠᠭ᠎ᠠ | ᠬᠦᠷᠢᠶᠡᠨ ᠳᠠᠬᠢ ᠠᠶᠤᠯ ᠲᠦᠭᠰᠢᠭᠦᠷᠢ ᠲᠠᠯᠳᠠ ᠭᠡᠮ ᠢ ᠰᠡᠷᠭᠡᠶᠢᠯᠡᠨ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ | ᠬᠦ ᠬᠠᠮᠠᠭᠠᠯᠠᠪᠠ᠃ | ᠬᠤᠷᠠᠯ ᠠᠴᠠ᠂ 2025 ᠣᠨ ᠳᠤ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ᠂ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠳᠤ ᠠᠩᠬᠠᠷᠤᠯ ᠢᠶᠠᠨ ᠬᠠᠨᠳᠤᠭᠤᠯᠵᠦ᠂ | ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠨᠤᠯ ᠤᠨ ᠰᠤᠳᠤᠯᠭᠠᠨ ᠤ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ | ᠂ ᠳᠤᠮᠳᠠᠳᠤ ᠶᠢᠨ ᠦᠨᠳᠦᠰᠦᠲᠡᠨ ᠤ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠣᠳᠤᠯᠭ᠎ᠠ ᠪᠠ ᠤᠬᠠᠭᠤᠯᠭ᠎ᠠ | ᠲᠠᠶᠢᠯᠪᠦᠷᠢᠯᠠᠯᠲᠠ ᠶᠢ ᠭᠦᠨᠵᠡᠭᠡᠶᠢᠷᠡᠭᠦᠯᠦᠨ᠎ᠡ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ︾ | ᠣᠯᠠᠨ ᠲᠦᠮᠡᠨ ᠤ ᠬᠥᠮᠦᠵᠢᠯ ᠪᠠ ︽ᠠᠨᠠᠷ ᠤᠨ ᠬᠡᠯᠬᠢᠶ᠎ᠡ︾ ᠦᠨᠳᠦᠰᠦᠨ ᠱᠠᠲᠤᠨ ᠤ ᠠᠶᠠᠯᠠᠯ ᠤᠨ ᠤᠶᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠰᠢᠨ᠎ᠡ | ᠡᠭᠦᠳᠦᠯᠲᠡ ᠲᠠᠢ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ | ᠪᠣᠳᠠᠲᠠᠶ ᠲᠦᠷᠦᠭᠳᠡᠯ ᠲᠠᠢ ᠪᠦᠲᠦᠮᠵᠢᠲᠡᠶ ᠪᠠᠷ ᠦᠷᠨᠢᠭᠦᠯᠦᠨ᠎ᠡ᠃ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠬᠢᠯᠢ ᠬᠢᠵᠠᠭᠠᠷ ᠭᠠᠵᠠᠷ ᠤᠨ ︽ᠲᠠᠪᠤᠨ ᠬᠠᠮᠳᠤᠳᠬᠠᠬᠤ︾ ᠬᠤᠩᠭᠢᠯ ᠤᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠲᠤᠭᠳᠠᠯᠴᠠᠭ᠎ᠠ ᠪᠣᠯᠤᠨ | ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠪᠠᠷ ᠭᠤᠣᠯᠳᠠᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠤᠭᠳᠠᠯᠴᠠᠭ᠎ᠠ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠰᠢᠯᠢᠳᠡᠭᠵᠢᠭᠦᠯᠬᠦ ᠦᠷ᠎ᠡ ᠪᠦᠲᠦᠮᠵᠢ ᠶᠢ ᠰᠠᠶᠢᠵᠢᠷᠠᠭᠤᠯᠬᠤ ᠲᠠᠰ ᠲᠡᠪᠰᠢᠭᠰᠡᠨ ᠬᠡᠪ ᠢ ᠪᠥᠬᠦ ᠬᠦᠴᠦᠨ ᠢᠶᠠᠷ ᠢᠶᠠᠨ | ᠴᠣᠭᠴᠠᠯᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃ | ᠦᠨᠳᠦᠰᠦᠲᠡᠨ ᠨᠦᠭᠦᠳ ᠤᠨ ᠬᠠᠮᠲᠤ ᠶᠢᠨ ᠣᠳᠣᠬᠢᠴᠢᠯᠠᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠭᠤᠷᠪᠠᠨ ᠠᠴᠢ ᠬᠤᠯᠪᠣᠭᠳᠠᠯ︾ ᠢ ᠣᠯᠭᠤᠬᠤ | ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢ ᠠᠬᠢᠭᠤᠯᠤᠨ᠎ᠠ᠃ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢ ᠬᠦᠴᠦᠯᠡᠨ | ᠰᠢᠯᠢᠳᠡᠭᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | | | 2024 ᠣᠨ ᠤ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ | ᠨᠢᠭᠡᠴᠢ ᠪᠠ ᠲᠡᠷᠢᠭᠦᠨ ᠤ ᠬᠤᠪᠢ ᠬᠥᠮᠦᠨ ᠳᠤ ᠫᠠᠶᠢᠰᠠ ᠣᠯᠭᠤᠪᠠ | ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ 2024 ᠣᠨ ᠤ ᠪᠥᠬᠦ ᠣᠷᠣᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠬᠥᠬᠢᠭᠦᠯᠦᠯ ᠭᠥᠷᠳᠡᠭᠰᠡᠨ ᠲᠥᠯᠥᠭᠡᠯᠡᠭᠴᠢᠳ ᠲᠤ ᠫᠠᠶᠢᠰᠠ ᠣᠯᠭᠤᠪᠠ᠃ | ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠯᠥᠨ ᠪᠤᠶᠢᠷ | ᠬᠤᠲᠠ ᠶᠢᠨ ᠬᠠᠶᠢᠯᠠᠷ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠳᠣᠰ | ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠵᠡᠷᠭᠡ 6 ᠭᠠᠵᠠᠷ ᠣᠷᠣᠨ᠂ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠰᠦᠨ ᡁᠢ ᠴᠢᠶᠠᠩ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠲᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠸᠧᠨ ᠱᠧᠩ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ | ᠦᠨᠳᠦᠰᠦᠲᠡᠨ ᠤ ᠵᠥᠪᠯᠡᠯ ᠤᠨ ᠡᠷᠬᠢᠯᠡᠭᠴᠢ ᠵᠢᠴᠢ ᠠᠯᠪᠠᠨ ᠭᠡᠷ ᠤᠨ ᠡᠷᠬᠢᠯᠡᠭᠴᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠤᠶᠠᠳᠤᠭᠠᠷ ᠭᠠᠵᠠᠷ᠂ ᠭᠤᠷᠪᠠᠳᠤᠭᠠᠷ ᠭᠠᠵᠠᠷ ᠤᠨ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠶᠢᠰᠦᠳᠦᠭᠡᠷ | ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠨ ᠨᠢᠭᠡᠴᠢ ᠶᠢᠨ | ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠨᠣᠯ ᠤᠨ ᠰᠤᠳᠤᠯᠭᠠᠨ ᠤ | ᠰᠠᠭᠤᠷᠢᠨ ᠭᠠᠵᠠᠷ ᠤᠳ ᠪᠠ ᠮᠡᠳᠡᠭᠡ ᠵᠠᠩᠭᠢ ᠰᠢᠭᠤᠳ ᠮᠡᠳᠡᠭᠦᠯᠬᠦ ᠴᠡᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠪᠥᠬᠦ ᠺᠠᠳ᠋ᠷ ᠪᠣᠯᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠵᠠᠶ᠃ |