ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠣᠯᠬᠤ ᠲᠠᠰᠤᠭ ᠤᠨ ᠨᠠᠮ ᠤᠨ ᠡᠭᠦᠷ ᠨᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
      ᠣᠶᠢᠷ᠎ᠠ ᠳᠤ ᠯᠧᠢ ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠶ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠳᠠᠯ ᠢ ᠵᠠᠯᠭᠠᠮᠵᠢᠯᠠᠵᠤ᠂ ᠰᠠᠶᠢᠨ ᠳᠤᠷ᠎ᠠ ᠶᠢᠨ ᠦᠶᠯᠡᠴᠢᠯᠡᠭᠡ ᠪᠠᠷ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠶᠢᠨ ᠲᠥᠯᠥᠭᠡ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ ᠨᠢ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ᠂ ᠣᠨᠴᠠᠭᠠᠶ ᠬᠡᠦᠬᠡᠳ ᠢ ᠬᠠᠯᠠᠮᠵᠢᠯᠠᠨ  ᠬᠠᠪᠰᠤᠷᠬᠤ᠂ ᠣᠷᠴᠢᠨ ᠲᠣᠭᠤᠷᠢᠨ ᠢ ᠴᠡᠪᠡᠷᠯᠡᠬᠦ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃       ᠲᠣᠰ ᠤᠳᠠᠭᠠᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠠᠵᠢᠯᠯᠠᠭ᠎ᠠ ᠳᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠢᠳᠡᠪᠬᠢᠲᠡᠶ ᠣᠷᠣᠯᠴᠠᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠤᠤ ᠵᠡᠭᠡᠯᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠤ ᠦᠨᠳᠦᠰᠦᠲᠡᠨ ᠤ ᠰᠤᠳᠤᠷ ᠪᠢᠴᠢᠭ ᠤᠨ ᠬᠡᠪᠯᠡᠯ ᠤᠨ ᠦᠷ᠎ᠡ ᠪᠦᠲᠦᠭᠡᠯ ᠪᠤᠯᠬᠤ 16 ᠳᠡᠪᠲᠡᠷ ᠨᠣᠮ ᠢ ᠬᠦᠷᠭᠡᠵᠦ᠂ ᠣᠨᠴᠠᠭᠠᠶ ᠬᠡᠦᠬᠡᠳ ᠲᠤ ᠪᠣᠭᠴᠣ᠂ ᠵᠢᠷᠤᠭ ᠤᠨ ᠪᠢᠷ ᠵᠡᠷᠭᠡ ᠰᠤᠷᠤᠯᠭ᠎ᠠ ᠶᠢᠨ ᠬᠡᠷᠡᠭᠰᠡᠯ 200 ᠢᠵᠢ ᠬᠦᠷᠭᠡᠵᠡᠶ᠃ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠤᠤ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠲᠤ ᠣᠷᠴᠢᠨ ᠲᠣᠭᠤᠷᠢᠨ ᠢ ᠴᠡᠪᠡᠷᠯᠡᠬᠦ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠲᠠᠭᠠᠯᠠᠮᠵᠢᠲᠠᠢ᠂ ᠴᠡᠪᠡᠷ ᠲᠣᠬᠢᠯᠢᠭ ᠠᠮᠢᠳᠤᠷᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠴᠡᠢ᠃       ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠵᠤ᠂ ᠨᠠᠮ ᠤᠨ ᠡᠭᠦᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠨᠠᠮ ᠤᠨ ᠭᠡᠰᠢᠭᠦᠨ ᠰᠠᠶᠢᠨ ᠲᠤᠷᠠᠴᠤᠤᠯ ᠤᠨ ᠪᠣᠳᠠᠲᠤ ᠠᠵᠢᠯᠯᠠᠭ᠎ᠠ ᠪᠠᠷ ᠯᠸᠢ ᠹᠧᠩ ᠤᠨ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠵᠢᠷᠦᠬᠡᠨ ᠳᠤ ᠭᠦᠨ ᠬᠠᠳᠠᠩᠰᠢᠭᠤᠯᠵᠠᠶ᠃ ᠬᠤᠶᠢᠰᠢᠳᠡ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ ᠤᠯᠠᠨ ᠲᠦᠷᠦᠯ ᠤᠨ ᠬᠡᠯᠪᠡᠷᠢ ᠮᠠᠶ᠋ᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃
图片1.png图片2.png
       ᠤᠷᠴᠢᠭᠤᠯᠭ᠎ᠠ ᠶᠢᠨ ᠬᠢᠨᠠᠭᠴᠢ᠄ ᠠᠳᠢᠶ᠎ᠠ   ᠰᠠᠴᠤᠷᠠᠯ      ᠳᠡᠳ᠋  ᠶᠡᠷᠦᠩᠭᠡᠢ ᠨᠠᠶᠢᠷᠠᠭᠤᠯᠤᠠᠠᠴᠢ᠄ ᠬᠤᠤᠰᠪᠠᠶᠠᠷ      ᠶᠡᠷᠤᠩᠭᠡᠢ ᠨᠠᠶᠢᠷᠠᠭᠤᠯᠤᠠᠠᠴᠢ᠄  ᠸᠠᠩ ᠰᠢᠤᠸᠠᠢ ᠳ᠋ᠥᠩ
ᠢᠷᠡᠯᠲᠡ᠄ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ