3 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠣᠬᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ︽ᠦᠨᠡᠨ︾ | ᠰᠡᠳᠬᠦᠯ ᠳᠤ ᠨᠡᠶᠢᠲᠡᠯᠡᠭᠰᠡᠨ ︽︿ᠬᠤᠶᠠᠷ ᠡᠷᠡᠰ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ ᠃ | ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠬᠦᠢᠵᠸᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠲᠠᠢ | ᠨᠢᠭᠲᠠ ᠣᠶᠠᠯᠳᠤᠭᠤᠯᠵᠦ᠂ ᠵᠢᠭᠤᠯᠴᠢᠯᠠᠯ ᠢᠶᠠᠷ ︽ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ︾ ᠶᠢ ᠠᠬᠢᠭᠤᠯᠬᠤ᠂ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠬᠡᠷᠡᠭᠲᠡᠶ ᠃ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠮᠪᠠᠢ ᠲᠥᠯᠥᠪᠵᠢᠭᠦᠯᠦᠨ ᠬᠢᠨᠠᠮᠠᠭᠠᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠬᠠᠷᠠᠯᠲᠠ | ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠂ ᠪᠠᠶᠢᠭᠤᠯᠭ᠎ᠠ ᠶᠢᠨ ᠰᠤᠷᠲᠠᠯ ᠢᠶᠠᠨ ᠬᠤᠪᠢᠷᠠᠭᠤᠯᠵᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠤᠯᠠᠮ ᠴᠢᠨᠠᠭᠰᠢᠳᠠ | ᠠᠬᠢᠭᠤᠯᠬᠤ ᠬᠡᠷᠡᠭᠲᠡᠢ ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠡᠷᠡᠰ ᠭᠤᠶᠢᠪᠢᠰᠢ ᠦᠭᠡᠢ︾ ᠶᠢ ᠢᠮᠠᠭᠲᠠ ᠪᠠᠷᠢᠮᠲᠠᠯᠠᠨ ᠡᠷᠡᠰ | ᠨᠠᠶᠢᠳᠠᠪᠤᠷᠢᠵᠢᠭᠤᠯᠬᠤ ᠬᠡᠷᠡᠭᠲᠡᠢ ᠭᠡᠪᠡ ᠃ | ᠬᠤᠷᠠᠯ ᠠᠴᠠ ᠬᠤᠯᠪᠣᠭᠳᠠᠯ ᠪᠥᠬᠦᠶ ᠭᠠᠵᠠᠷ ᠠᠯᠪᠠᠨ ᠭᠡᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠤᠯᠳᠠᠯᠭ᠎ᠠ ᠲᠠᠢ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ | ᠲᠣᠳᠣᠷᠬᠠᠶ ᠱᠠᠭᠠᠷᠳᠠᠯᠭ᠎ᠠ ᠳᠤᠷᠠᠳᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠤᠯᠪᠠ ᠃ | | | | | | ᠤᠷᠴᠢᠭᠤᠯᠭ᠎ᠠ ᠶᠢᠨ ᠬᠢᠨᠠᠭᠴᠢ᠄ ᠠᠳᠢᠶ᠎ᠠ ᠰᠠᠴᠤᠷᠠᠯ | ᠳᠡᠳ᠋ ᠶᠡᠷᠦᠩᠭᠡᠢ ᠨᠠᠶᠢᠷᠠᠭᠤᠯᠤᠠᠠᠴᠢ᠄ ᠬᠤᠤᠰᠪᠠᠶᠠᠷ | ᠶᠡᠷᠤᠩᠭᠡᠢ ᠨᠠᠶᠢᠷᠠᠭᠤᠯᠤᠠᠠᠴᠢ᠄ ᠸᠠᠩ ᠰᠢᠤᠸᠠᠢ ᠳ᠋ᠥᠩ | |