ᠭᠤᠣᠯ ᠡᠭᠦᠷᠭᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠰᠡᠳᠬᠦᠯ ᠤᠨ ᠬᠤᠷᠢᠶᠠᠨ ᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠡᠳᠬᠦᠯ ᠨᠠᠶᠢᠷᠠᠭᠤᠯᠤᠨ ᠲᠠᠷᠬᠠᠭᠠᠬᠤ ᠵᠡᠷᠭᠡ ᠠᠵᠢᠯ ᠤᠨ ᠪᠦᠬᠦ ᠶᠠᠪᠤᠴᠠ ᠡᠯ᠎ᠡ | ᠲᠠᠯ᠎ᠠ ᠳᠤ ᠲᠤᠭᠤᠰᠢᠯᠠᠭᠤᠯᠤᠨ᠎ᠠ︔ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠳᠤ ᠣᠷᠣᠯᠴᠠᠨ᠎ᠠ︔ ᠪᠦᠬᠦ ᠣᠷᠣᠨ ᠤ ᠦᠨᠳᠦᠰᠦᠲᠡᠨ ᠤ ᠠᠵᠢᠯ ᠤᠨ ᠲᠤᠬᠠᠢ ᠰᠣᠯᠢᠯᠴᠠᠭᠠᠨ ᠤ ᠠᠵᠢᠯ ᠢ | ᠡᠭᠦᠷᠭᠡᠯᠡᠨ᠎ᠡ︔ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢᠨ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠠᠵᠢᠯ ᠳᠤ ᠣᠷᠣᠯᠴᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠮᠤᠭ ᠤᠨ ᠰᠢᠨ᠎ᠡ ᠤᠨᠤᠯ ᠤᠨ ᠰᠤᠳᠤᠯᠭᠠᠨ ᠤ ᠦᠷ᠎ᠡ ᠪᠦᠲᠦᠭᠡᠯ ᠢ ᠤᠬᠠᠭᠤᠯᠤᠨ ᠳᠡᠯᠭᠡᠷᠡᠭᠦᠯᠬᠦ ᠠᠵᠢᠯ ᠳᠤ | ᠣᠷᠤᠯᠴᠠᠨ᠎ᠠ︔ ᠦᠨᠳᠦᠰᠦᠲᠡᠨ ᠤ ᠦᠭᠡ ᠬᠡᠯᠡ ᠥᠰᠥᠭ ᠪᠢᠴᠢᠭ ᠵᠢᠴᠢ ᠦᠨᠳᠦᠰᠦᠲᠡᠨ ᠤ ᠬᠡᠯᠡ ᠪᠢᠴᠢᠭ ᠤᠨ ᠣᠷᠴᠢᠭᠤᠯᠭ᠎ᠠ ᠶᠢᠨ ᠡᠷᠳᠡᠮ ᠰᠢᠨᠵᠢᠯᠡᠭᠡᠨ ᠤ | ᠰᠤᠳᠤᠯᠭᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠦᠷ᠎ᠡ ᠪᠦᠲᠦᠭᠡᠯ ᠢ ᠲᠠᠨᠢᠯᠴᠠᠭᠤᠯᠬᠤ ᠶᠢ ᠬᠠᠷᠢᠭᠤᠴᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠦᠭᠡ ᠬᠡᠯᠡ ᠥᠰᠥᠭ ᠪᠢᠴᠢᠭ ᠤᠨ ᠳᠥᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠳᠤ ᠦᠶᠯᠡᠴᠢᠯᠡᠨ᠎ᠡ︔ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠵᠠᠰᠠᠭ ᠤᠨ ᠶᠠᠪᠤᠳᠠᠯ ᠤᠨ ᠰᠦᠯᠵᠢᠶ᠎ᠡ᠂ ᠸᠢᠴᠠᠲ ᠶᠢᠨ ᠣᠯᠠᠨ ᠨᠡᠶᠢᠲᠡ ᠶᠢᠨ ᠳ᠋ᠤᠭᠠᠷ ᠤᠨ ᠠᠵᠢᠯ ᠢ ᠡᠭᠦᠷᠭᠡᠯᠡᠨ᠎ᠡ︔ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠦᠢᠴᠡᠳᠬᠡᠯᠭᠡᠬᠦ ᠪᠠᠷ ᠲᠤᠰᠢᠶᠠᠭᠰᠠᠨ ᠪᠤᠰᠤᠳ ᠡᠭᠦᠷᠭᠡ ᠶᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | 1 . ᠶᠡᠷᠦᠩᠬᠡᠢ ᠬᠡᠯᠲᠡᠰ | 2 . ᠨᠠᠶᠢᠷᠠᠭᠤᠯᠬᠤ ᠬᠡᠯᠲᠡᠰ | 3 . ᠬᠠᠮ ᠵᠠᠭᠤᠴᠢᠯᠠᠭᠤᠷ ᠤᠨ ᠬᠡᠯᠲᠡᠰ | ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ | ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ | ᠬᠠᠷᠢᠯᠴᠠᠬᠤ ᠤᠲᠠᠰᠤ᠄ 0471 - 6945489 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 13᠄ 30—17᠄ 00 | ᠬᠠᠷᠢᠭᠤᠴᠠᠯᠭᠠᠲᠠᠨ᠄ ᠸᠠᠩ ᠰᠢᠤᠸᠠᠢ ᠳ᠋ᠦᠩ |