ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ
ᠨᠡᠶᠢᠲᠡᠯᠡᠭᠰᠡᠨ ᠴᠠᠭ᠄
2025/3/20
      ᠭᠤᠣᠯ ᠡᠭᠦᠷᠭᠡ᠄      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠴᠤᠭᠯᠠᠭᠤᠯᠵᠤ ᠰᠤᠳᠤᠯᠬᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠦᠢᠯᠡᠰ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ︔ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠰᠤᠳᠤᠯᠬᠤ ᠠᠵᠢᠯ ᠢ ᠥᠷᠨᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠦᠶᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢ ᠬᠠᠷᠢᠭᠤᠴᠠᠨ᠎ᠠ︔ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠠᠪᠤᠷᠠᠨ ᠬᠠᠮᠠᠭᠠᠯᠠᠬᠤ᠂ ᠴᠤᠭᠯᠠᠭᠤᠯᠤᠨ ᠡᠮᠬᠢᠳᠬᠡᠬᠦ᠂ ᠣᠷᠴᠢᠭᠤᠯᠤᠨ ᠰᠤᠳᠤᠯᠬᠤ᠂ ᠬᠡᠪᠯᠡᠭᠦᠯᠦᠨ ᠠᠰᠢᠭᠯᠠᠬᠤ᠂ ᠤᠬᠠᠭᠤᠯᠤᠨ ᠳᠡᠯᠭᠡᠷᠡᠭᠦᠯᠬᠦ ᠪᠠ ᠰᠣᠯᠢᠯᠴᠠᠨ ᠬᠠᠮᠵᠢᠯᠴᠠᠬᠤ ᠠᠵᠢᠯ ᠢ ᠡᠭᠦᠷᠭᠡᠯᠡᠬᠦ  ᠶᠢᠨ ᠬᠠᠮᠲᠤ ᠵᠣᠬᠢᠶᠠᠨ ᠪᠠᠶᠢᠭᠤᠯᠤᠨ ᠵᠣᠬᠢᠴᠠᠭᠤᠯᠵᠤ ᠬᠠᠷᠢᠯᠴᠠᠨ᠎ᠠ︔ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠳ᠋ᠢᠭᠢᠲᠴᠢᠯᠡᠨ ᠬᠠᠮᠠᠭᠠᠯᠠᠬᠤ ᠵᠢᠴᠢ ᠮᠠᠲ᠋ᠧᠷᠢᠶᠠᠯ ᠮᠡᠳᠡᠭᠡ ᠵᠠᠩᠭᠢ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ︔ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠴᠢᠳᠠᠪᠤᠷᠢᠲᠠᠨ ᠬᠥᠮᠦᠵᠢᠭᠦᠯᠬᠦ ᠠᠵᠢᠯ ᠢ ᠡᠭᠦᠷᠭᠡᠯᠡᠨ᠎ᠡ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠨᠠᠶᠮᠠᠨ ᠮᠤᠵᠢ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ᠂ ︽ᠭᠡᠰᠡᠷ︾᠂ ︽ᠵᠠᠩᠭᠠᠷ︾ ᠤᠨ ᠭᠤᠤᠯᠳᠠᠯᠭ᠎ᠠ ᠲᠠᠢ ᠲᠥᠷᠥᠯ ᠵᠦᠶᠯ ᠪᠠ ᠴᠢᠬᠤᠯᠠ ᠶᠡᠭᠡ ᠰᠡᠳᠦᠪ ᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄       1. ᠠᠯᠪᠠᠨ ᠬᠡᠷ       2. ᠲᠤᠬᠠᠶᠢᠯᠠᠭᠰᠠᠨ ᠠᠵᠢᠯ ᠤᠨ ᠨᠢᠭᠡᠳᠦᠭᠡᠷ ᠰᠠᠯᠠᠭ᠎ᠠ       3. ᠲᠤᠬᠠᠶᠢᠯᠠᠭᠰᠠᠨ ᠠᠵᠢᠯ ᠤᠨ ᠬᠤᠶᠠᠳᠤᠭᠠᠷ ᠰᠠᠯᠠᠭ᠎ᠠ        4. ᠲᠤᠬᠠᠶᠢᠯᠠᠭᠰᠠᠨ ᠠᠵᠢᠯ ᠤᠨ ᠭᠤᠷᠪᠠᠳᠤᠭᠠᠷ ᠰᠠᠯᠠᠭ᠎ᠠ        ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ  ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ       ᠬᠠᠷᠢᠯᠴᠠᠬᠤ ᠤᠲᠠᠰᠤ᠄ 0471 - 6946076       ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 13᠄ 30—17᠄ 00       ᠬᠠᠷᠢᠭᠤᠴᠠᠯᠭᠠᠲᠠᠨ᠄ ᠼᠤᠤ ᠵᠢᠶᠧ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ