ᠭᠤᠣᠯ ᠡᠭᠦᠷᠭᠡ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ | ᠰᠤᠳᠤᠯᠤᠯ ᠬᠡᠷᠡᠭᠯᠡᠭᠡᠨ ᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠤ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠵᠡᠷᠭᠡ ᠪᠦᠬᠦ ᠶᠠᠪᠤᠴᠠ | ᠡᠯ᠎ᠡ ᠲᠠᠯ᠎ᠠ ᠳᠤ ᠲᠤᠭᠤᠰᠢᠯᠠᠭᠤᠯᠤᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠤᠯᠪᠣᠭᠳᠠᠯ ᠪᠦᠬᠦᠢ ᠤᠬᠠᠭᠤᠯᠭ᠎ᠠ ᠵᠡᠷᠭᠡ | ᠠᠵᠢᠯ ᠢ ᠡᠭᠦᠷᠭᠡᠯᠡᠨ᠎ᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ | ᠦᠢᠯᠡᠴᠢᠯᠡᠭᠡ ᠪᠠᠲᠤᠯᠠᠭ᠎ᠠ ᠬᠠᠩᠭᠠᠵᠤ᠂ ᠪᠥᠬᠦ ᠣᠷᠣᠨ ᠤ ᠦᠨᠳᠦᠰᠦᠲᠡᠨ ᠤ ᠦᠭᠡ ᠬᠡᠯᠡᠨ ᠤ ᠠᠵᠢᠯ ᠵᠢᠴᠢ ᠨᠠᠶᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ | ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠬᠥᠮᠦᠵᠢᠯ ᠳᠤ ᠦᠶᠯᠡᠴᠢᠯᠡᠭᠡ ᠬᠠᠩᠭᠠᠨ᠎ᠠ︔ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠬᠢᠴᠢᠯᠠᠯᠲᠠ ᠶᠢᠨ ᠨᠡᠶᠢᠭᠡᠮ ᠤᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠳᠤ ᠦᠢᠯᠡᠴᠢᠯᠡᠭᠡ ᠪᠠᠲᠤᠯᠠᠭ᠎ᠠ ᠬᠠᠩᠭᠠᠵᠤ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠨ᠎ᠠ︔ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠥᠷᠢᠮᠵᠢᠭᠦᠯᠬᠦ᠂ ᠪᠠᠷᠢᠮᠵᠢᠶᠠᠵᠢᠭᠤᠯᠬᠤ ᠵᠡᠷᠭᠡ ᠰᠤᠳᠤᠯᠭᠠᠨ ᠪᠣᠯᠤᠨ ᠦᠷ᠎ᠡ ᠪᠦᠲᠦᠭᠡᠯ ᠢ | ᠤᠯᠠᠷᠢᠭᠤᠯᠬᠤ ᠠᠵᠢᠯ ᠢ ᠥᠷᠨᠢᠭᠦᠯᠦᠨ᠎ᠡ︔ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠡᠬᠢ ᠪᠠᠶᠠᠯᠢᠭ ᠢ ᠴᠤᠭᠯᠠᠭᠤᠯᠬᠤ᠂ | ᠪᠣᠯᠪᠠᠰᠤᠷᠠᠭᠤᠯᠬᠤ ᠪᠠ ᠬᠡᠷᠡᠭᠯᠡᠵᠦ ᠤᠬᠠᠭᠤᠯᠤᠨ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ︔ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠬᠢᠴᠢᠯᠠᠯᠲᠠ ᠶᠢᠨ ᠺᠣᠳ᠋ᠯᠠᠯ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠳᠤ ᠶᠡᠷᠦᠩᠬᠡᠢ ᠪᠠᠲᠤᠯᠠᠭ᠎ᠠ ᠶᠢᠨ ᠠᠵᠢᠯ ᠢ ᠬᠠᠩᠭᠠᠨ᠎ᠠ︔ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | 1 . ᠠᠯᠪᠠᠨ ᠬᠡᠷ | 2 . ᠤᠬᠠᠭᠤᠯᠤᠨ ᠳᠡᠯᠭᠡᠷᠡᠭᠦᠯᠬᠦ ᠰᠠᠯᠠᠭ᠎ᠠ | 3 . ᠶᠡᠷᠦᠩᠬᠡᠢ ᠪᠠᠲᠤᠯᠠᠭ᠎ᠠ ᠶᠢᠨ ᠰᠠᠯᠠᠭ᠎ᠠ | 4 . ᠰᠤᠳᠤᠯᠤᠯ ᠬᠡᠷᠡᠭᠯᠡᠭᠡᠨ ᠤ ᠰᠠᠯᠠᠭ᠎ᠠ | 5 . ᠮᠡᠳᠡᠭᠡ ᠵᠠᠩᠭᠢ ᠶᠢᠨ ᠮᠡᠷᠭᠡᠵᠢᠯ ᠤᠨ ᠰᠠᠯᠠᠭ᠎ᠠ | 6 . ᠡᠬᠢ ᠪᠠᠶᠠᠯᠢᠭ ᠤᠨ ᠪᠠᠶᠢᠭᠤᠯᠤᠯᠲᠠ ᠶᠢᠨ ᠬᠠᠮᠲᠤ ᠪᠠᠷ ᠡᠳ᠋ᠯᠡᠬᠦ ᠰᠠᠯᠠᠭ᠎ᠠ | ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠩ ᠪᠢᠨ ᠬᠤᠶᠢᠲᠤ ᠵᠠᠮ | ᠤᠨ 8 ᠳ᠋ᠤᠭᠠᠷ ᠨᠣᠮᠧᠷ | ᠬᠠᠷᠢᠯᠴᠠᠬᠤ ᠤᠲᠠᠰᠤ᠄ 0471 - 4395121 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 13᠄ 30—17᠄ 00 | ᠬᠠᠷᠢᠭᠤᠴᠠᠯᠭᠠᠲᠠᠨ᠄ ᠠᠯᠲᠠᠨᠪᠠᠭᠠᠨ᠎ᠠ |