ᠰᠣᠶᠣᠯ ᠤᠬᠠᠭᠤᠯᠭ᠎ᠠ ᠶᠢᠨ ᠭᠠᠵᠠᠷ ᠨᠢ ᠪᠡᠭᠡᠵᠢᠩ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠳᠤ ᠬᠦᠷᠴᠦ ᠦᠨᠳᠦᠰᠦᠲᠡᠨ ᠤ ᠴᠠᠷᠠᠭ᠎ᠠ ᠬᠦᠷᠢᠶᠡᠨ ᠳᠠᠬᠢ ᠰᠣᠶᠣᠯ  ᠤᠬᠠᠭᠤᠯᠭ᠎ᠠ ᠶᠢᠨ ᠠᠵᠢᠯ ᠤᠨ ᠪᠡᠭᠡᠵᠢᠩ ᠥᠪᠥᠷ ᠮᠣᠩᠭᠤᠯ ᠤᠨ ᠬᠠᠮᠳᠤᠷᠤᠯᠴᠠᠭ᠎ᠠ ᠶᠢᠨ ᠠᠵᠢᠯ ᠤᠨ ᠲᠤᠬᠠᠢ ᠵᠦᠪᠳᠡᠯᠴᠡᠪᠡ ​
ᠨᠡᠶᠢᠲᠡᠯᠡᠭᠰᠡᠨ ᠴᠠᠭ᠄
2025/3/31
    3 ᠳ᠋ᠤᠭᠠᠷ ᠰᠠᠷ᠎ᠠ ᠶᠢᠨ 27 ᠤ ᠡᠳᠦᠷ᠂ ᠰᠣᠶᠣᠯ ᠤᠬᠠᠭᠤᠯᠭ᠎ᠠ ᠶᠢᠨ ᠭᠠᠵᠠᠷ ᠤᠨ ᠬᠠᠮᠢᠶ᠎ᠠ ᠪᠥᠬᠦᠶ ᠨᠥᠬᠦᠳ ᠪᠡᠭᠡᠵᠢᠩ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠳᠤ ᠬᠦᠷᠴᠦ ᠦᠨᠳᠦᠰᠦᠲᠡᠨ ᠤ ᠴᠠᠷᠠᠭ᠎ᠠ ᠬᠦᠷᠢᠶᠡᠨ ᠳᠠᠬᠢ ᠰᠣᠶᠣᠯ  ᠤᠬᠠᠭᠤᠯᠭ᠎ᠠ ᠶᠢᠨ ᠠᠵᠢᠯ ᠤᠨ ᠪᠡᠭᠡᠵᠢᠩ ᠥᠪᠥᠷ ᠮᠣᠩᠭᠤᠯ ᠤᠨ ᠬᠠᠮᠳᠤᠷᠤᠯᠴᠠᠭ᠎ᠠ ᠶᠢᠨ ᠠᠵᠢᠯ ᠤᠨ ᠲᠤᠬᠠᠢ ᠵᠦᠪᠳᠡᠯᠴᠡᠪᠡ ᠃     ᠰᠣᠶᠣᠯ ᠤᠬᠠᠭᠤᠯᠭ᠎ᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠡᠭᠡᠵᠢᠩ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠨᠢᠭᠡᠳᠦᠭᠡᠷ ᠭᠠᠵᠠᠷ᠂ ᠤᠬᠠᠭᠤᠯᠭ᠎ᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠠᠵᠢᠯ ᠤᠨ ᠭᠤᠤᠯ ᠰᠢᠵᠢᠮ ᠢ ᠴᠢᠩᠭ᠎ᠠ ᠡᠵᠡᠮᠳᠡᠬᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠵᠢᠴᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠦᠨᠳᠦᠰᠦᠲᠡᠨ ᠤ ᠴᠠᠷᠠᠭ᠎ᠠ ᠬᠦᠷᠢᠶᠡᠨ  ᠳᠠᠬᠢ ᠰᠣᠶᠣᠯ᠂ ᠪᠡᠶ᠎ᠡ ᠶᠢᠨ ᠲᠠᠮᠢᠷ᠂ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠬᠤᠶᠠᠷ ᠭᠠᠵᠠᠷ ᠤᠨ  ᠬᠢᠨ ᠦᠷᠭᠦᠯᠵᠢᠯᠡᠨ ᠬᠠᠮᠳᠤᠷᠠᠨ ᠠᠵᠢᠯᠯᠠᠬᠤ ᠲᠤᠬᠠᠢ ᠪᠣᠳᠠᠲᠠᠶ ᠠᠷᠭ᠎ᠠ ᠬᠡᠮᠵᠢᠶ᠎ᠡ ᠶᠢ ᠵᠥᠪᠳᠡᠯᠴᠡᠪᠡ ᠃ ᠬᠤᠶᠠᠷ ᠲᠠᠯ᠎ᠠ ᠪᠠᠷ ᠢᠶᠠᠨ ︽ ᠠᠭᠤᠰᠤᠯᠴᠠᠯ ᠤᠨ ᠵᠠᠮ ᠮᠦᠷ ᠤᠨ ᠡᠷᠢᠯᠬᠢᠯᠡᠯ︾ ᠰᠢᠨ᠎ᠡ  ᠵᠠᠭᠤᠴᠢᠯᠠᠭᠤᠷᠲᠦ ᠵᠠᠯᠠᠭᠤᠴᠤᠳ ᠤᠨ ᠰᠤᠷᠪᠤᠯᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ︾ ᠣᠬᠤᠷ ᠸᠢᠳᠢᠣ᠋ ᠡᠯᠰᠡᠬᠦ ᠵᠢᠴᠢ ᠮᠣᠩᠭᠤᠯ ᠲᠥᠪᠡᠳ ᠤᠨ ᠰᠤᠷᠭᠠᠭᠤᠯᠢ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠤᠯᠠᠭᠠᠨᠬᠦᠦ ᠶᠢᠨ ᠬᠠᠭᠤᠴᠢᠨ ᠰᠠᠭᠤᠴᠠ ᠶᠢᠨ ᠬᠠᠮᠢᠶ᠎ᠠ ᠪᠦᠬᠦᠢ ᠦᠵᠡᠭᠦᠯᠭᠡ ᠶᠢᠨ ᠪᠣᠳᠠᠰ ᠤᠨ ᠬᠠᠮᠲᠤᠷᠠᠭᠰᠠᠨ ᠦᠵᠡᠰᠬᠦᠯᠡᠩ ᠵᠡᠷᠭᠡ ᠠᠵᠢᠯᠯᠠᠭ᠎ᠠ ᠥᠷᠨᠢᠭᠦᠯᠬᠦ ᠲᠤᠬᠠᠢ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ ᠪᠠᠰᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ  ᠨᠢ ᠪᠡᠭᠡᠵᠢᠩ ᠬᠤᠳᠠ ᠶᠢᠨ ︽ ᠲᠠᠮᠢᠷ ᠴᠤᠭᠯᠠᠭᠠᠨ ᠬᠠᠮᠲᠤ ᠶᠢᠨ ᠴᠣᠭᠴᠠ︾ ᠶᠢᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ᠂ ︽ᠤᠷᠠᠨ ᠪᠢᠴᠢᠯᠭᠡ ᠤᠷᠠᠨ ᠵᠢᠷᠤᠭ ᠤᠨ ᠬᠠᠮᠲᠤ ᠶᠢᠨ ᠴᠣᠭᠴᠠ︾ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ᠂ ︽ ᠳᠠᠭᠤᠤ ᠵᠢᠷᠤᠭ ᠬᠠᠮᠲᠤ ᠶᠢᠨ ᠴᠣᠭᠴᠠ︾ ᠠᠷᠠᠳ ᠤᠨ ᠬᠥᠭᠵᠢᠮ ᠤᠨ ᠲᠣᠭᠯᠠᠯᠲᠠ ᠶᠢᠨ ᠠᠵᠢᠯᠯᠠᠭ᠎ᠠ᠂ ︽ᠪᠡᠭᠡᠵᠢᠩ ᠤᠨ ᠠᠶᠠᠯᠠᠯ︾ ᠤᠨ ᠰᠢᠨᠵᠢᠯᠡᠨ ᠪᠠᠶᠢᠴᠠᠭᠠᠵᠤ ᠰᠤᠷᠤᠯᠴᠠᠬᠤ ᠠᠵᠢᠯᠯᠠᠭ᠎ᠠ ᠵᠡᠷᠭᠡ ᠳᠤ ᠢᠳᠡᠪᠬᠢᠲᠠᠢ ᠣᠷᠣᠯᠴᠠᠬᠤ ᠲᠤᠬᠠᠢ ᠰᠤᠳᠤᠯᠤᠨ ᠶᠠᠷᠢᠯᠴᠠᠪᠠ᠃ 
ᠢᠷᠡᠯᠲᠡ᠄ ᠰᠣᠶᠣᠯ ᠤᠬᠠᠭᠤᠯᠭ᠎ᠠ ᠶᠢᠨ ᠭᠠᠵᠠᠷ